2 ᠲᠦᠮᠡᠨ ᠦᠵᠡᠭᠴᠢᠳ ᠬᠠᠮᠳᠤ ᠪᠠᠷ ᠬᠡᠷᠡᠴᠢᠯᠡᠯ᠎ᠡ ᠁
ᠨᠡᠶᠢᠲᠡᠯᠡᠭᠰᠡᠨ ᠴᠠᠭ᠄
2024/1/30
    1 ᠰᠠᠷ᠎ᠠ ᠶᠢᠨ 26᠎ ᠤ ᠡᠳᠦᠷ᠂ ᠬᠥᠨᠳᠡᠯᠡᠨ ᠲᠣᠭᠤᠷᠢᠭ ᠤᠨ 2024 ᠣᠨ ᠤ ᠠᠩᠬᠠᠳᠤᠭᠠᠷ ᠬᠤᠭᠤᠴᠠᠭᠠᠨ ᠤ ᠰᠤᠷᠭᠠᠨ ᠬᠥᠮᠦᠵᠢᠯ ᠤᠨ ᠴᠠᠭᠠᠨ ᠰᠠᠷ᠎ᠠ ᠶᠢᠨ ᠦᠳᠡᠰᠢᠯᠡᠭᠡ ᠦᠪᠡᠳᠡᠭᠰᠢ ᠶᠡᠭᠡ ᠪᠠᠷ ᠶᠠᠪᠤᠭᠳᠠᠪᠠ᠃ ᠠᠩᠬᠠᠳᠤᠭᠠᠷ ᠬᠤᠭᠤᠴᠠᠭᠠᠨ ᠤ ᠰᠤᠷᠭᠠᠨ ᠬᠥᠮᠦᠵᠢᠯ ᠤᠨ ᠴᠠᠭᠠᠨ ᠰᠠᠷ᠎ᠠ ᠶᠢᠨ ᠦᠳᠡᠰᠢᠯᠡᠭᠡ ᠨᠢ ︽ᠰᠤᠷᠭᠠᠨ ᠬᠥᠮᠦᠵᠢᠯ ᠤᠨ ᠰᠢᠨ᠎ᠡ ᠥᠨᠳᠦᠷᠯᠢᠭ ᠢ ᠴᠣᠭᠴᠠᠯᠠᠵᠤ᠂ ᠢᠷᠡᠭᠡᠳᠦᠢ ᠶᠢᠨ ᠲᠦᠯᠦᠭᠡ ᠬᠦᠮᠦᠨ ᠬᠦᠮᠦᠵᠢᠬᠦᠯᠬᠦ︾᠎ ᠪᠠᠷ ᠭᠤᠤᠯ ᠰᠡᠳᠦᠪ ᠪᠣᠯᠭᠠᠵᠤ᠂ ᠡᠯᠪᠡᠭ ᠪᠠᠶᠠᠯᠢᠭ ᠣᠯᠠᠨ ᠶᠠᠩᠵᠤ ᠶᠢᠨ ᠲᠣᠭᠯᠠᠯᠲᠠ ᠪᠠᠷ ᠳᠠᠮᠵᠢᠭᠤᠯᠤᠨ 2023 ᠣᠨ ᠤ ᠬᠥᠨᠳᠡᠯᠡᠨ ᠲᠣᠭᠤᠷᠢᠭ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠥᠨᠳᠦᠷᠯᠢᠭ ᠢ ᠪᠥᠬᠦ ᠬᠦᠴᠦᠨ ᠢᠶᠠᠷ ᠢᠶᠠᠨ ᠴᠣᠭᠴᠠᠯᠠᠭᠰᠠᠨ ᠦᠯᠡᠮᠵᠢ ᠶᠡᠭᠡ ᠦᠷ᠎ᠡ ᠪᠦᠲᠦᠭᠡᠯ ᠢ ᠡᠷᠭᠢᠴᠡᠭᠦᠯᠵᠦ᠂ ᠰᠢᠨ᠎ᠡ ᠴᠠᠭ ᠦᠶ᠎ᠡ ᠶᠢᠨ ᠬᠥᠨᠳᠡᠯᠡᠨ ᠲᠣᠭᠤᠷᠢᠭ ᠤᠨ ᠰᠤᠷᠭᠠᠨ ᠬᠥᠮᠦᠵᠢᠯ ᠤᠨ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠰᠠᠶᠢᠨ ᠰᠠᠶᠢᠬᠠᠨ ᠵᠢᠷᠤᠭ ᠲᠥᠰᠦᠪ ᠢ ᠪᠠᠷᠠᠯᠠᠪᠠ᠃ 700 ᠲᠣᠭᠯᠠᠭᠴᠢ᠂ 500 ᠭᠠᠷᠤᠢ ᠦᠵᠡᠭᠴᠢᠳ ᠨᠢᠭᠡ ᠲᠠᠩᠬᠢᠮ ᠳᠤ ᠴᠤᠭᠯᠠᠷᠠᠵᠤ᠂ ᠦᠪᠡᠳᠡᠭᠰᠢ ᠴᠤᠭᠯᠠᠭᠠᠨ ᠢ ᠬᠠᠮᠲᠤ ᠪᠠᠷ ᠰᠤᠨᠢᠷᠬᠠᠪᠠ᠃ ᠬᠤᠶᠠᠷ ᠲᠦᠮᠡ ᠰᠢᠬᠠᠮ ᠦᠵᠡᠭᠴᠢᠳ ᠡᠭᠦᠯᠡᠨ ᠦᠵᠦᠬᠦᠷᠯᠢᠭ ᠲᠤ ᠪᠣᠯᠵᠣᠵᠤ᠂ ᠦᠳᠡᠰᠢᠯᠡᠭᠡ ᠶᠢᠨ ᠰᠢᠭᠤᠳ ᠨᠡᠪᠲᠡᠷᠡᠭᠦᠯᠭᠡ ᠶᠢ ᠬᠦᠯᠢᠶᠡᠨ ᠠᠪᠴᠤ ᠦᠵᠡᠪᠡ᠃
    ᠦᠳᠡᠰᠢᠯᠡᠭᠡ ᠨᠢ ᠬᠠᠷᠠᠭ᠎ᠠ ᠰᠤᠨᠤᠷ ᠢ ᠪᠠᠶᠠᠰᠬᠠᠨᠰᠠᠨ ︽ᠴᠠᠭᠠᠨ ᠰᠠᠷ᠎ᠠ ᠶᠢᠨ ᠬᠡᠦᠬᠡᠳ ᠤᠨ ᠳᠠᠭᠤᠤ︾᠂ ᠲᠣᠮᠣ ᠬᠡᠯᠪᠡᠷᠢ ᠶᠢᠨ ᠲᠠᠭᠤᠯᠠᠯᠳᠤ ᠪᠥᠵᠢᠭ ︽ᠰᠢᠨ᠎ᠡ ᠴᠠᠭ ᠦᠶ᠎ᠡ ᠳᠤ ᠴᠡᠴᠡᠭᠯᠡᠨ ᠳᠡᠯᠭᠡᠷᠡᠬᠦᠶ᠎ᠡ︾᠎ ᠪᠠᠷ ᠬᠥᠰᠢᠭᠡ ᠪᠠᠨ ᠢᠷᠡᠵᠦ᠂ ᠪᠠᠶᠠᠷ ᠪᠠᠶᠠᠰᠬᠤᠯᠠᠩᠲᠤ ᠠᠶ᠎ᠠ ᠲᠠᠭᠤᠤ᠂ ᠪᠠᠶᠠᠷ ᠤᠨ ᠡᠳᠦᠷ ᠤᠨ ᠠᠭᠤᠷ ᠠᠮᠢᠰᠬᠤᠯ ᠨᠢ ᠬᠤᠷᠤᠮᠬᠠᠨ ᠵᠠᠭᠤᠷ᠎ᠠ ᠲᠤᠬᠠᠶ ᠶᠢᠨ ᠲᠠᠯᠠᠪᠠᠶ ᠶᠢᠨ ᠦᠵᠡᠭᠴᠢᠳ ᠤᠨ ᠪᠠᠭ᠋ᠠᠷᠬᠠᠯ ᠢ ᠲᠡᠳᠡᠪᠡ᠃ ᠪᠦᠲᠦᠭᠡᠯᠴᠢ ᠲᠣᠭᠯᠠᠯᠲᠠ ︽ᠳᠤᠮᠳᠠᠳᠤ ᠶᠢᠨ ᠳᠠᠭᠤᠤ︾᠂ ᠠᠬᠤᠢ ᠦᠵᠡᠭᠳᠡᠯᠲᠦ ᠵᠦᠴᠦᠭᠡ ︽ᠪᠢᠴᠢᠬᠠᠨ ᠨᠢᠳᠦ ᠪᠠᠷ ᠶᠢᠷᠲᠢᠨᠴᠦ ᠶᠢ      ᠬᠠᠷᠠᠬᠤᠢ︾᠂ ︽ᠪᠠᠭ᠎ᠠ ᠨᠠᠰᠤᠨ ᠤ ᠮᠥᠴᠡᠯᠭᠡ ᠳᠠᠭᠤᠤ︾᠂ ᠬᠡᠦᠬᠡᠳ ᠤᠨ ᠪᠥᠵᠢᠭ ︽ᠬᠠᠳᠤᠨ ᠭᠤᠣᠯ ᠤᠨ ᠬᠡᠦᠬᠡᠳ︾ ᠵᠡᠷᠭᠡ ᠲᠣᠭᠯᠠᠯᠲᠠ ᠨᠢ ᠬᠥᠨᠳᠡᠯᠡᠨ ᠲᠣᠭᠤᠷᠢᠭ ᠤᠨ ᠵᠠᠯᠠᠭᠤᠴᠤᠳ ᠪᠠᠭᠠᠴᠤᠳ ᠤᠨ ᠪᠠᠶᠠᠰᠤᠩᠭᠤᠢ ᠦᠪᠡᠷ ᠎ ᠬᠢ ᠳᠡᠭᠡᠨ ᠢᠲᠡᠭᠡᠯ ᠲᠠᠢ᠂ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ᠂ ᠡᠷᠡᠯᠬᠡᠭᠯᠡᠨ ᠤᠷᠤᠭᠰᠢᠯᠠᠬᠤ ᠵᠣᠷᠢᠭ ᠰᠠᠨᠠᠭ᠎ᠠ ᠶᠢ ᠢᠯᠡᠷᠡᠭᠦᠯᠪᠡ᠃
     ᠦᠳᠡᠰᠢᠯᠡᠭᠡ ᠳᠤ ᠪᠠᠰᠠ K396 ᠡᠭᠡᠯᠵᠢ ᠶᠢᠨ ᠭᠠᠯᠲᠤ ᠲᠡᠷᠭᠡᠨ ᠤ ᠲᠤᠰᠢᠶᠠᠯ ᠬᠠᠪᠰᠤᠷᠭᠠᠭᠰᠠᠨ ᠵᠢᠵᠢᠭᠦᠷᠯᠡᠭᠴᠢ᠂ ᠳᠤᠮᠳᠠᠳᠤ ᠤᠯᠤᠰ ᠤᠨ ᠰᠦᠯᠵᠢᠶᠡᠨ ᠤ ᠶᠠᠪᠤᠳᠠᠯ ᠤᠨ 2023 ᠣᠨ ᠤ ᠲᠤᠮᠳᠠᠳᠣ ᠶᠢ ᠲᠤᠬᠳᠤᠯᠤᠭᠤᠯᠤᠬᠰᠠᠨ ᠬᠥᠮᠦᠨ᠂ ᠥᠪᠥᠷ ᠮᠣᠩᠭᠤᠯ ᠤᠨ ᠠᠷᠪᠠᠨ ᠶᠡᠭᠡ ᠦᠨᠡᠨᠴᠢ ᠢᠲᠡᠭᠡᠮᠵᠢᠲᠡᠶ ᠬᠥᠮᠦᠨ ᠤ ᠨᠢᠭᠡ ᠵᠣᠣ ᠶᠠᠩ ᠢ ᠣᠨᠴᠠᠭᠠᠶᠢᠯᠠᠨ ᠤᠷᠢᠪᠠ᠃ ᠨᠢᠭᠡᠨ ᠰᠤᠷᠤᠭᠴᠢ ᠶᠢᠨ ᠭᠡᠷ ᠤᠨ ᠠᠬᠠᠮᠠᠳ ᠪᠣᠯᠤᠭᠰᠠᠨ ᠤ ᠬᠤᠪᠢ ᠳᠤ᠂ ᠵᠤᠤ ᠶᠠᠩ᠄ ︽ᠬᠥᠨᠳᠡᠯᠡᠨ ᠲᠣᠭᠤᠷᠢᠭ ᠤᠨ ᠰᠤᠷᠭᠠᠨ ᠬᠥᠮᠦᠵᠢᠯ ᠤᠨ ᠠᠩᠬᠠᠳᠤᠭᠠᠷ ᠬᠤᠭᠤᠴᠠᠭᠠᠨ ᠤ ᠴᠠᠭᠠᠨ ᠰᠠᠷ᠎ᠠ ᠶᠢᠨ ᠦᠳᠡᠰᠢᠯᠡᠭᠡ ᠳᠤ᠂ ᠬᠡᠦᠬᠡᠳ ᠤᠳ ᠰᠤᠷᠭᠠᠭᠤᠯᠢ ᠶᠢᠨ ᠬᠦᠷᠢᠶᠡᠨ ᠳᠤ ᠡᠷᠬᠡ ᠲᠤᠷ᠎ᠠ ᠪᠠᠷ ᠢᠶᠠᠨ ᠲᠤᠬᠯᠠᠵᠤ ᠪᠠᠶᠠᠷ ᠵᠢᠷᠭᠠᠯ ᠲᠠᠢ ᠦᠰᠦᠨ ᠪᠤᠶᠢᠵᠢᠵᠤ ᠪᠠᠶᠢᠬᠤ ᠭᠱᠠᠨ ᠢ ᠣᠯᠵᠤ ᠬᠠᠷᠠᠯ᠎ᠠ᠂ ᠬᠥᠨᠳᠡᠯᠡᠨ ᠲᠣᠭᠤᠷᠢᠭ ᠤᠨ ᠰᠤᠷᠭᠠᠨ ᠬᠥᠮᠦᠵᠢᠯ ᠬᠡᠦᠬᠡᠳ ᠤᠳ ᠲᠤ ᠡᠯ᠎ᠡ ᠵᠦᠢᠯ ᠤᠨ ᠲᠠᠪᠴᠠᠩ ᠢ ᠪᠠᠶᠢᠭᠤᠯᠵᠤ ᠦᠭᠴᠦ ᠲᠡᠳᠡᠨ ᠢ ᠪᠦᠬᠦ ᠲᠠᠯ᠎ᠠ ᠪᠠᠷ ᠬᠦᠮᠦᠵᠢᠭᠦᠯᠵᠤ ᠪᠠᠶᠢᠬᠤ ᠳᠤ ᠲᠠᠯᠠᠷᠬᠠᠵᠤ ᠪᠠᠶᠢᠨ᠎ᠠ᠃ ᠠᠳᠡ ᠬᠥᠨᠳᠡᠯᠡᠨ ᠲᠣᠭᠤᠷᠢᠭ ᠤᠨ ᠰᠤᠷᠭᠠᠨ ᠬᠥᠮᠦᠵᠢᠯ ᠤᠨ ᠲᠤᠪᠴᠢᠶ᠎ᠠ ᠪᠣᠯᠤᠨ ᠰᠤᠷᠭᠠᠭᠤᠯᠢ ᠶᠢᠨ ᠪᠠᠭᠰᠢ ᠨᠠᠷ ᠤᠨ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠳᠤ ᠲᠠᠯᠠᠷᠬᠠᠵᠤ ᠪᠠᠶᠢᠨ᠎ᠠ᠂ ᠬᠥᠨᠳᠡᠯᠡᠨ ᠲᠣᠭᠤᠷᠢᠭ ᠤᠨ ᠰᠤᠷᠭᠠᠨ ᠬᠥᠮᠦᠵᠢᠯ ᠶᠠᠪᠤᠬᠤ ᠲᠤᠳᠤᠮ ᠦᠭᠡᠳᠡᠯᠡᠨ ᠰᠠᠶᠢᠵᠢᠷᠠᠬᠤ ᠶᠢ  ᠬᠦᠰᠡᠨ ᠵᠥᠩᠨᠡᠵᠦ ᠪᠠᠶᠢᠨ᠎ᠠ︕︾  ᠭᠡᠪᠡ᠃
     ᠲᠤᠬᠯᠠᠯᠳᠠ ᠶᠢᠨ ︽ᠰᠢᠷᠭᠠᠯ ᠨᠡᠷᠡᠨ ᠬᠤᠸᠠᠷ︾ ᠭᠡᠬᠦ ᠪᠦᠯᠦᠭ ᠳᠤ᠂ ᠪᠢᠴᠢᠬᠠᠨ ᠲᠣᠭᠯᠠᠭᠴᠢᠳ ᠰᠤᠷᠭᠠᠭᠤᠯᠢ ᠶᠢᠨ ᠬᠢᠴᠢᠶᠠᠯ ᠤᠨ ᠰᠣᠩᠭᠤᠳᠠᠭ ᠳᠠᠭᠤᠤ ︽ᠲᠠᠷᠢᠶᠠᠴᠢᠨ ᠤ ᠦᠷᠦᠪᠳᠦᠯ︾᠂ ︽ᠬᠠᠪᠤᠷ ᠤᠨ ᠥᠷᠯᠥᠭᠡ︾ ᠵᠡᠷᠭᠡ ᠲᠣᠭᠯᠠᠯᠲᠠ ᠭᠠᠷᠭᠠᠵᠤ᠂ ᠦᠵᠡᠭᠴᠢᠳ ᠤᠨ ᠬᠠᠯᠠᠭᠤᠨ ᠠᠯᠠᠭ᠎ᠠ ᠲᠠᠰᠢᠯᠳᠠ ᠶᠢ ᠣᠯᠵᠠᠢ︔ ︽ᠬᠥᠨᠳᠡᠯᠡᠨ ᠤ ᠶᠡᠭᠡ ᠬᠠᠶᠢᠷ᠎ᠠ ᠶᠢᠨ ᠬᠥᠮᠦᠵᠢᠯ︾ ᠭᠡᠬᠦ ᠭᠤᠣᠯ ᠰᠡᠳᠦᠪᠲᠦ ᠣᠬᠤᠷ ᠹᠢᠯᠢᠮ ᠳᠤ 2023 ᠣᠨ ᠤ ᠬᠥᠨᠳᠡᠯᠡᠨ ᠤ ᠪᠠᠭᠰᠢ ᠨᠠᠷ ᠲᠥᠪᠡᠳ᠂ ᠰᠢᠨᠵᠢᠶᠠᠩ ᠵᠡᠷᠭᠡ ᠭᠠᠵᠠᠷ ᠲᠠᠢ ᠬᠠᠪᠰᠤᠷᠤᠯᠴᠠᠭ᠎ᠠ ᠪᠠᠶᠢᠭᠤᠯᠵᠤ ᠬᠠᠮᠲᠤ ᠪᠠᠷ ᠪᠦᠲᠦᠭᠡᠨ ᠪᠠᠶᠢᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠢ ᠡᠷᠬᠢᠴᠡᠭᠦᠯᠪᠡ︔ ᠬᠡᠦᠬᠡᠳ ᠤᠨ ᠨᠠᠶᠢᠷᠠᠯ ᠳᠠᠭᠤᠤ ︽ᠰᠥᠨᠢ ᠶᠢᠨ ᠣᠭᠲᠠᠷᠭᠤᠶ ᠳᠠᠬᠢ ᠬᠠᠮᠤᠭ ᠤᠨ ᠬᠡᠷᠡᠯᠲᠦ ᠤᠳᠤᠨ︾ ᠬᠦᠨ ᠰᠡᠳᠬᠢᠯᠭᠡ ᠪᠠᠷ ᠪᠢᠯᠬᠠᠵᠠᠢ︔ ᠪᠥᠵᠢᠭ ︽ᠢᠮ · ᠮᠦᠷ︾  ᠂ ᠳᠠᠭᠤᠤ ︽ᠪᠤᠭᠤᠲᠤ ᠦᠨᠡᠬᠡᠷ ᠰᠠᠶᠢᠨ︾ ᠵᠡᠷᠬᠡ ᠲᠤᠬᠯᠠᠯᠳᠠ ᠨᠢ ᠬᠥᠨᠳᠡᠯᠡᠨ ᠲᠣᠭᠤᠷᠢᠭ ᠤᠨ ᠪᠠᠭᠰᠢ ᠰᠤᠷᠤᠭᠴᠢᠳ ᠤᠨ ᠲᠦᠷᠦᠭᠰᠡᠨ ᠨᠤᠲᠤᠭ ᠪᠤᠭᠤᠲᠤ ᠳᠠᠭᠠᠨ ᠲᠤᠩ ᠬᠠᠶᠢᠷᠠᠲᠠᠢ ᠪᠠᠶᠢᠬᠤ ᠪᠠ ᠣᠮᠣᠭᠰᠢᠵᠤ ᠪᠠᠶᠢᠬᠤ ᠰᠡᠳᠭᠢᠯᠭᠡ ᠶᠢ ᠬᠠᠷᠠᠭᠤᠯᠪᠠ᠃
     ᠲᠣᠭᠯᠠᠯᠲᠠ ᠶᠢᠨ ᠡᠴᠦᠰ ᠲᠤ᠂ ᠲᠣᠮᠣ ᠬᠡᠯᠪᠡᠷᠢ ᠶᠢᠨ ᠲᠠᠭᠤᠯᠠᠯᠳᠤ ᠪᠥᠵᠢᠭ ︽ᠳᠠᠬᠢᠨᠲᠠ ᠮᠣᠷᠳᠠᠶ᠎ᠠ︾᠎ ᠨᠢ ᠦᠳᠡᠰᠢᠯᠡᠭᠡ ᠶᠢ ᠣᠷᠭᠢᠯ ᠳᠤ ᠬᠦᠷᠭᠡᠵᠦ᠂ ᠬᠢᠯᠠᠯᠵᠠᠨ ᠰᠠᠴᠤᠷᠠᠬᠤ ᠳ᠋ᠧᠩ ᠤᠨ ᠬᠡᠷᠡᠯ᠂ ᠪᠠᠶᠠᠷ ᠪᠠᠶᠠᠰᠬᠤᠯᠠᠩᠲᠤ ᠬᠥᠭ ᠠᠶᠠᠰ ᠪᠠ ᠦᠵᠡᠭᠴᠢᠳ ᠤᠨ ᠭᠠᠷ ᠬᠤᠷᠤᠶᠢᠯᠠᠨ ᠤᠤᠬᠠᠶᠢᠯᠠᠬᠤ ᠲᠠᠭᠤᠨ ᠨᠢ ᠬᠥᠨᠳᠡᠯᠡᠨ ᠲᠣᠭᠤᠷᠢᠭ ᠤᠨ ᠰᠤᠷᠭᠠᠨ ᠬᠥᠮᠦᠵᠢᠯ ᠤᠨ ᠦᠶᠯᠡᠰ ᠤᠨ ᠰᠠᠶᠢᠨ ᠰᠠᠶᠢᠬᠠᠨ ᠢᠷᠡᠭᠡᠳᠦᠶ ᠶᠢᠨ ᠲᠤᠬᠠᠶ ᠬᠦᠰᠡᠯ ᠵᠥᠩᠨᠡᠯ ᠢ ᠢᠯᠡᠳᠬᠡᠭᠰᠡᠨ ᠪᠠᠶᠢᠨ᠎ᠠ᠃
      ᠬᠥᠨᠳᠡᠯᠡᠨ ᠲᠣᠭᠤᠷᠢᠭ ᠤᠨ 2024 ᠣᠨ ᠤ ᠠᠩᠬᠠᠳᠤᠭᠠᠷ ᠬᠤᠭᠤᠴᠠᠭᠠᠨ ᠤ ᠰᠤᠷᠭᠠᠨ ᠬᠥᠮᠦᠵᠢᠯ ᠤᠨ ᠴᠠᠭᠠᠨ ᠰᠠᠷ᠎ᠠ ᠶᠢᠨ ᠦᠳᠡᠰᠢᠯᠡᠭᠡ ᠬᠠᠯᠠᠭᠤᠨ ᠠᠯᠠᠭ᠎ᠠ ᠲᠠᠰᠢᠯᠳᠠ ᠶᠢᠨ ᠳᠤᠮᠳᠠ ᠲᠡᠭᠦᠰ ᠠᠮᠵᠢᠯᠲᠠ ᠲᠠᠢ    ᠥᠨᠳᠥᠷᠯᠡᠪᠡ᠃ ᠠᠮᠢᠵᠢᠷᠠᠯ ᠤᠨ ᠬᠦᠴᠦᠨ᠂ ᠣᠷᠭᠢᠯᠤᠮ᠎ᠠ ᠬᠠᠯᠠᠭᠤᠨ ᠰᠡᠳᠬᠢᠯᠭᠡ ᠪᠠ ᠪᠦᠲᠦᠭᠡᠯᠴᠢ ᠰᠡᠳᠬᠢᠬᠦᠶ ᠪᠠᠷ ᠪᠢᠯᠬᠠᠭᠰᠠᠨ ᠲᠤᠰ ᠬᠤᠭᠤᠴᠠᠭᠠᠨ ᠤ ᠦᠳᠡᠰᠢᠯᠡᠭᠡ ᠨᠢ ᠬᠥᠨᠳᠡᠯᠡᠨ ᠲᠣᠭᠤᠷᠢᠭ ᠤᠨ ᠰᠤᠷᠭᠠᠨ ᠬᠥᠮᠦᠵᠢᠯ ᠤᠨ    ᠦᠢᠯᠡᠰ ᠤᠨ ᠴᠤᠭ ᠵᠢᠪᠬᠤᠭ᠎ᠠ ᠶᠢ ᠢᠯᠡᠷᠡᠭᠦᠯᠦᠭᠰᠡᠨ ᠢᠶᠠᠷ ᠪᠠᠷᠠᠬᠤ ᠥᠬᠡᠶ᠂ ᠪᠠᠰᠠ ᠪᠥᠬᠦ ᠲᠤᠭᠤᠷᠢᠭ ᠤᠨ ᠪᠠᠭᠰᠢ ᠰᠣᠷᠣᠭᠴᠢ ᠪᠠ ᠬᠡᠷ ᠤᠨ ᠠᠬᠠᠮᠠᠳ ᠤᠨ ᠬᠠᠷᠠᠭ᠎ᠠ ᠰᠤᠨᠤᠷ ᠢ ᠪᠠᠶᠠᠰᠬᠠᠬᠰᠠᠨ ᠦᠪᠡᠳᠡᠭᠰᠢ ᠨᠠᠶᠢᠷ ᠪᠤᠯᠵᠤ᠂ ᠬᠥᠨᠳᠡᠯᠡᠨ ᠲᠣᠭᠤᠷᠢᠭ ᠤᠨ ᠰᠤᠷᠭᠠᠨ ᠬᠥᠮᠦᠵᠢᠯ ᠤᠨ ᠦᠶᠯᠡᠰ ᠤᠨ ᠦᠷᠨᠢᠩᠭᠦᠢ ᠭᠦᠭᠵᠢᠯᠲᠠ ᠶᠢ ᠬᠠᠮᠲᠤ ᠪᠠᠷ ᠭᠡᠷᠡᠴᠢᠯᠡᠪᠡ᠃ ︵ᠢᠷᠡᠯᠲᠡ᠄ ᠬᠥᠨᠳᠡᠯᠡᠨ ᠲᠤᠭᠤᠷᠢᠭ ᠤᠨ ᠰᠤᠷᠭᠠᠨ ᠬᠥᠮᠦᠵᠢᠯ ᠤᠨ ᠲᠤᠪᠴᠢᠶ᠎ᠠ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号