ᠣᠶᠢᠷ᠎ᠠ ᠳᠤ᠂ ᠵᠠᠷᠢᠮ ᠰᠦᠯᠵᠢᠶ᠎ᠡ ᠶᠢᠨ ᠬᠢᠨ ︽ᠬᠠᠮᠤᠭ ᠤᠨ ᠰᠢᠨ᠎ᠡ ᠠᠷᠠᠳ ᠤᠨ ᠵᠣᠭᠤᠰ ᠤᠨ 6 ᠳ᠋ᠤᠭᠠᠷ | ᠢᠵᠢ︾᠂ ︽ᠢᠷᠡᠬᠦ ᠵᠢᠯ ᠵᠠᠬ᠎ᠠ ᠳᠡᠯᠭᠡᠭᠦᠷ ᠲᠤ 1000 ᠲᠥᠭᠦᠷᠢᠭ ᠤᠨ ᠠᠷᠠᠳ ᠤᠨ ᠵᠣᠭᠤᠰ ᠭᠠᠷᠭᠠᠬᠤ ᠭᠡᠵᠦ | ᠪᠠᠶᠢᠨ᠎ᠠ︾ ᠭᠡᠬᠦ ᠮᠡᠳᠦ ᠶᠢᠨ ᠪᠢᠴᠢᠭᠡᠰᠦ ᠨᠡᠶᠢᠳᠡᠯᠡᠭᠰᠡᠨ ᠪᠥᠭᠡᠳ ᠪᠠᠰᠠ ︽ᠰᠢᠨ᠎ᠡ ᠠᠷᠠᠳ ᠤᠨ ᠵᠣᠭᠤᠰ︾ ᠤᠨ | ᠥᠯᠢᠭᠡᠷ ᠵᠢᠷᠤᠭ ᠢ ᠳᠠᠭᠠᠯᠳᠤᠭᠤᠯᠤᠬᠰᠠᠨ ᠪᠠᠶᠢᠨ᠎ᠠ᠃ ᠡᠨᠡ ᠨᠢ ᠦᠨᠡᠨ ᠦᠦ︖ | ᠬᠡᠷᠪᠡ ᠠᠷᠠᠳ ᠤᠨ ᠵᠣᠭᠤᠰ᠂ ᠳᠤᠷᠠᠰᠬᠠᠯ ᠤᠨ ᠵᠣᠭᠤᠰ ᠵᠡᠷᠭᠡ ᠶᠢᠨ ᠲᠤᠬᠠᠢ ᠵᠣᠬᠢᠬᠤ ᠣᠶᠢᠯᠠᠭᠠᠯᠲᠠ ᠲᠠᠢ | ᠶᠤᠮ ᠪᠤᠯ ᠪᠠᠷᠤᠭ ᠦᠵᠡᠮᠡᠭᠴᠡ ᠢᠯᠭᠠᠵᠤ ᠳᠡᠶᠢᠯᠳᠡᠭ᠂ ᠡᠨᠡ ᠪᠣᠯ ᠬᠤᠳᠠᠯ ᠬᠠᠭᠤᠷᠮᠠᠭ ᠴᠢᠮᠡᠭᠡ ᠶᠤᠮ᠃ | ᠰᠤᠷᠪᠤᠯᠵᠢᠯᠠᠭᠴᠢ ᠶᠢᠨ ᠬᠠᠷᠭᠤᠭᠤᠯᠤᠨ ᠪᠠᠶᠢᠴᠠᠭᠠᠭᠰᠠᠨ ᠢᠶᠠᠷ᠂ ᠯᠤᠤ ᠶᠢᠨ ᠵᠢᠷᠤᠭ ᠳᠠᠷᠤᠮᠠᠯᠯᠠᠭᠰᠠᠨ 1000 | ᠲᠥᠭᠦᠷᠢᠭ ᠤᠨ ᠠᠷᠠᠳ ᠤᠨ ᠵᠣᠭᠤᠰ︾ ᠤᠨ ᠥᠯᠢᠭᠡᠷ ᠵᠢᠷᠤᠭ ᠨᠢ 2000 ᠣᠨ ᠤ ᠳᠤᠮᠳᠠᠳᠤ ᠤᠯᠤᠰ ᠤᠨ | ᠠᠷᠠᠳ ᠤᠨ ᠪᠠᠩᠬᠢ ᠶᠢᠨ ᠲᠠᠷᠬᠠᠭᠠᠭᠰᠠᠨ ᠵᠠᠭᠤᠨ ᠲᠥᠭᠦᠷᠢᠭ ᠤᠨ ︽ᠮᠢᠩᠭᠠᠨ ᠲᠥᠭᠦᠷᠢᠭ ᠤᠨ ᠯᠤᠤᠲᠤ | ᠵᠣᠭᠤᠰ︾ ᠤᠨ ᠵᠢᠷᠤᠭ ᠲᠠᠢ ᠮᠠᠰᠢ ᠠᠳᠠᠯᠢ ᠪᠠᠶᠢᠵᠤ᠂ ᠵᠥᠪᠬᠡᠨ ᠨᠢᠭᠤᠷ ᠤᠨ ᠲᠤᠭ᠎ᠠ ᠪᠠ ᠨᠠᠷᠢᠨ ᠵᠦᠢᠯᠡᠰ ᠤᠨ | ᠬᠡᠰᠡᠭ ᠨᠢ ᠵᠢᠭᠠᠬᠠᠨ ᠢᠯᠭᠠᠭ᠎ᠠ ᠲᠠᠢ ᠪᠠᠶᠢᠨ᠎ᠠ᠂ ᠡᠨᠡ ᠨᠢ ᠬᠡᠯᠡᠯᠭᠡᠨ ᠦᠭᠡᠢ ᠵᠢᠷᠤᠭ ᠢ ᠵᠠᠰᠠᠭᠰᠠᠨ ᠤ ᠦᠷ᠎ᠡ ᠳ᠋ᠦᠩ | ᠪᠤᠯᠤᠨ᠎ᠠ᠃ | ᠬᠡᠷᠡᠭ ᠳᠡᠭᠡᠷ᠎ᠡ ᠪᠠᠨ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠤᠮᠳᠠᠳᠤ ᠤᠯᠤᠰ ᠤᠨ | ᠠᠷᠠᠳ ᠤᠨ ᠪᠠᠩᠬᠢ ᠶᠢᠨ ᠬᠠᠤᠯᠢ︾ ᠶᠢᠨ ᠠᠷᠪᠠᠨ ᠨᠠᠢᠮᠠᠳᠤᠭᠠᠷ ᠵᠦᠢᠯ ᠢ ᠦᠨᠳᠦᠰᠦᠯᠡᠪᠡᠯ᠂ ᠳᠤᠮᠳᠠᠳᠤ ᠤᠯᠤᠰ ᠤᠨ | ᠠᠷᠠᠳ ᠤᠨ ᠪᠠᠩᠬᠢ ᠨᠢ ᠰᠢᠨ᠎ᠡ ᠬᠡᠪᠯᠡᠯ ᠤᠨ ᠠᠷᠠᠳ ᠤᠨ ᠵᠣᠭᠤᠰ ᠢ ᠲᠠᠷᠬᠠᠭᠠᠬᠤ ᠳᠠᠭᠠᠨ ᠲᠠᠷᠬᠠᠭᠠᠬᠤ ᠴᠠᠭ᠂ | ᠨᠢᠭᠤᠷ ᠤᠨ ᠲᠤᠭ᠎ᠠ᠂ ᠵᠢᠷᠤᠭ᠂ ᠶᠠᠩᠵᠤ ᠬᠡᠯᠪᠡᠷᠢ᠂ ᠬᠡᠪ ᠪᠠᠷᠢᠮᠵᠢᠶ᠎ᠠ ᠶᠢ ᠵᠠᠷᠯᠠᠨ ᠨᠡᠶᠢᠲᠡᠯᠡᠬᠦ ᠬᠡᠷᠡᠭᠲᠡᠢ ᠶᠤᠮ᠃ | ᠬᠡᠳᠡᠯ᠎ᠡ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠠᠯᠪᠠᠨ ᠤ ᠲᠠᠯ᠎ᠠ ᠶᠢᠨ ᠬᠢᠨ ᠰᠢᠨ᠎ᠡ ᠬᠡᠪᠯᠡᠯ ᠤᠨ | ᠠᠷᠠᠳ ᠤᠨ ᠵᠣᠭᠤᠰ ᠲᠠᠷᠬᠠᠭᠠᠬᠰᠠᠨ ᠲᠤᠬᠠᠶ ᠶᠠᠮᠠᠷ ᠴᠤ ᠠᠯᠪᠠᠨ ᠵᠠᠷ ᠨᠡᠶᠢᠲᠡᠯᠡᠭᠰᠡᠨ ᠥᠬᠡᠶ᠃ | |