ᠶᠢᠨ ᠶᠦᠩ ᠯᠢ ᠭᠤᠤᠯᠳᠠᠯᠭ᠎ᠠ ᠲᠠᠢ ᠲᠥᠷᠥᠯ ᠵᠦᠶᠯ ᠤᠨ ᠪᠦᠲᠦᠭᠡᠨ ᠪᠠᠶᠢᠭᠤᠯᠤᠯᠲᠠ ᠪᠣᠯᠤᠨ ᠠᠶᠤᠯᠭᠦᠶ ᠦᠶᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/10/14
    10 ᠰᠠᠷ᠎ᠠ ᠶᠢᠨ 10 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠶᠦᠩ ᠯᠢ ᠭᠤᠤᠯᠳᠠᠯᠭ᠎ᠠ ᠲᠠᠢ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠪᠠ ᠠᠶᠤᠯᠭᠦᠶ ᠦᠶᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠪᠠ᠃        ᠶᠢᠨ ᠶᠦᠩ ᠯᠢ ᠨᠡᠷ ᠤᠷᠢᠳ ᠬᠤᠵᠢᠳ Mini/Micro ᠰᠢᠨ᠎ᠡ ᠬᠡᠯᠪᠡᠷᠢ ᠶᠢᠨ ᠳᠡᠯᠭᠡᠴᠡ ᠶᠢᠨ ᠦᠶᠯᠡᠳᠬᠦᠨ ᠤ ᠲᠥᠷᠥᠯ ᠵᠦᠶᠯ᠂ ᠵᠢᠯᠣᠭᠤᠴᠢ ᠥᠬᠡᠶ ᠨᠢᠰᠬᠡᠯ ᠤᠨ ᠦᠶᠯᠡᠳᠪᠦᠷᠢᠯᠡᠬᠦ ᠵᠢᠭᠠᠨ ᠰᠤᠷᠭᠠᠬᠤ ᠰᠤᠳᠤᠯᠬᠤ ᠬᠡᠷᠡᠭᠯᠡᠬᠦ ᠶᠢ ᠠᠭᠤᠰᠤᠯᠴᠠᠭᠤᠯᠬᠤ ᠰᠠᠭᠤᠷᠢᠨ᠂ ᠵᠥᠩ ᠪᠥᠸᠧ ᠪᠤᠬᠢᠷᠳᠤᠯ ᠦᠬᠡᠢ ᠡᠨᠧᠷᠭᠢ ᠶᠢᠨ ᠣᠶᠤᠨᠴᠢ ᠡᠨᠧᠷᠭᠢ ᠶᠢᠨ ᠠᠷᠠᠯ ᠵᠡᠷᠭᠡ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠠᠶ ᠳᠤ ᠬᠦᠷᠴᠦ᠂ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠤᠬᠠᠶ ᠶᠢᠨ ᠭᠠᠵᠠᠷ ᠲᠤᠨᠢ ᠪᠠᠶᠢᠴᠠᠭᠠᠨ     ᠦᠵᠡᠵᠦ᠂ ᠲᠥᠷᠥᠯ ᠵᠦᠶᠯ ᠢ ᠠᠬᠢᠭᠤᠯᠬᠤ ᠳᠤᠮᠳᠠ ᠣᠷᠣᠰᠢᠵᠤ ᠪᠠᠶᠢᠭ᠎ᠠ ᠬᠦᠴᠢᠷ ᠠᠰᠠᠭᠤᠳᠠᠯ ᠢ ᠨᠠᠷᠢᠨ ᠣᠶᠢᠯᠠᠭᠠᠬᠤ ᠶᠢᠨ ᠬᠠᠮᠲᠤ ᠲᠤᠬᠠᠶ ᠶᠢᠨ ᠲᠠᠯᠠᠪᠠᠶ ᠳᠤ ᠲᠣᠬᠢᠷᠠᠭᠤᠯᠤᠠ ᠪᠠᠶᠢᠷᠢᠯᠠᠭᠤᠯᠪᠡ᠃        ᠶᠢᠨ ᠶᠦᠩ ᠯᠢ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯ ᠪᠦᠬᠦ     ᠲᠤᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠠᠴᠢᠶᠠᠯᠠᠪᠤᠷᠢ ᠪᠠ ᠬᠦᠴᠦᠲᠡᠢ ᠲᠤᠯᠭᠠᠭᠤᠷᠢᠯᠠᠯ ᠮᠥᠨ᠃ ᠪᠥᠬᠦ ᠲᠤᠭᠤᠷᠢᠭ ᠤᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠶᠢᠨ ᠬᠢᠨ ᠲᠥᠷᠥᠯ ᠵᠦᠶᠯ ᠢ ᠶᠡᠭᠡ ᠪᠠᠷ ᠠᠳᠬᠤᠬᠤ ᠢᠯᠡ ᠲᠣᠳᠣ ᠤᠳᠤᠷᠢᠳᠤᠮᠵᠢ ᠶᠢ ᠪᠠᠲᠤ ᠪᠣᠶ ᠪᠣᠯᠭᠠᠵᠤ᠂ ᠡᠭᠦᠷᠭᠡ ᠪᠠᠨ ᠤᠯᠠᠮ ᠴᠢᠨᠠᠭᠰᠢᠳᠠ ᠨᠠᠷᠢᠯᠢᠬᠵᠢᠭᠤᠯᠤᠨ᠂ ᠲᠣᠬᠢᠷᠠᠭᠤᠯᠤᠯᠲᠠ ᠪᠠᠨ ᠴᠢᠩᠭᠠᠳᠬᠠᠵᠤ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠤᠨ᠂ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠵᠠᠩᠭᠢᠯᠠᠭ᠎ᠠ ᠶᠢᠨ ᠴᠡᠭ ᠪᠠ ᠬᠠᠷᠠᠯᠲᠠ ᠶᠢ ᠴᠢᠩᠭ᠎ᠠ ᠠᠩᠬᠠᠷᠴᠤ᠂ ᠰᠢᠨᠵᠢᠯᠡᠬᠦ ᠤᠬᠠᠭᠠᠨᠴᠢ ᠪᠠᠷ ᠪᠠᠷᠢᠯᠭ᠎ᠠ ᠶᠢᠨ ᠠᠵᠢᠯ ᠢ ᠵᠣᠬᠢᠶᠠᠨ ᠪᠠᠶᠢᠭᠤᠯᠵᠤ᠂ ᠨᠠᠩ ᠣᠯᠠᠨ ᠪᠣᠳᠠᠲᠤ ᠠᠵᠢᠯ ᠤᠨ ᠬᠡᠮᠵᠢᠶ᠎ᠡ ᠶᠢ ᠲᠦᠷᠭᠡᠳᠬᠡᠨ ᠪᠦᠷᠢᠯᠳᠦᠭᠦᠯᠬᠦ ᠬᠡᠷᠡᠭᠲᠡᠶ᠃ ᠴᠢᠬᠤᠯᠠ ᠡᠯᠧᠮᠧᠨ᠋ᠲ ᠤᠨ ᠦᠢᠯᠡᠴᠢᠯᠡᠭᠡ ᠪᠠᠲᠤᠯᠠᠭ᠎ᠠ ᠶᠢ ᠪᠦᠬᠦ ᠲᠠᠯ᠎ᠠ ᠪᠠᠷ ᠰᠠᠶᠢᠲᠤᠷ ᠬᠢᠵᠦ᠂ ᠠᠵᠤ ᠠᠬᠤᠶᠢᠯᠠᠯ ᠪᠣᠯᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠡᠮᠦᠨ᠎ᠡ ᠹᠷᠣᠨᠲ ᠲᠤ ᠪᠠᠶᠢᠩᠭᠤ ᠭᠦᠨᠵᠡᠭᠡᠶᠢᠷᠡᠵᠦ᠂ ᠠᠵᠤ ᠠᠬᠤᠶᠢᠯᠠᠯ ᠢ ᠰᠠᠨᠠᠭᠠᠴᠢᠯᠠᠭ᠎ᠠ ᠠᠴᠠ ᠪᠠᠨ ᠬᠠᠪᠰᠤᠷᠤᠨ ᠪᠣᠳᠠᠲᠠᠢ ᠬᠦᠴᠢᠷᠳᠡᠯ ᠪᠣᠯᠤᠨ ᠠᠰᠠᠭᠤᠳᠠᠯ ᠢ ᠨᠢ ᠰᠢᠢᠳᠪᠦᠷᠢᠯᠡᠵᠦ᠂ ᠢᠵᠢ ᠪᠦᠷᠢᠳᠦᠬᠦᠯᠦᠭᠰᠡᠨ ᠲᠤᠨᠤᠭ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠬᠤᠷᠳᠤᠴᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ᠃ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠨᠢᠭᠡᠴᠢ ᠶᠢᠨ ᠬᠢᠨ ᠦᠷ᠎ᠡ ᠪᠦᠲᠦᠮᠵᠢ ᠶᠢᠨ ᠤᠬᠠᠮᠰᠠᠷ ᠢᠶᠠᠨ ᠴᠢᠩᠭᠠᠳᠬᠠᠵᠤ᠂ ᠬᠦᠴᠦᠨ ᠢᠶᠠᠨ ᠲᠥᠪᠯᠡᠷᠡᠭᠦᠯᠵᠦ᠂ ᠡᠬᠢ ᠪᠠᠶᠠᠯᠢᠭ ᠢ ᠲᠥᠪᠯᠡᠷᠡᠭᠦᠯᠵᠦ᠂ ᠴᠢᠬᠤᠯᠠ ᠡᠯᠧᠮᠧᠨ᠋ᠲ ᠢ ᠬᠤᠷᠠᠮᠳᠤᠭᠤᠯᠵᠤ᠂ ᠲᠥᠷᠥᠯ ᠵᠦᠶᠯ ᠢ ᠡᠷᠲᠡᠬᠡᠨ ᠪᠥᠲᠥᠭᠡᠨ ᠪᠠᠶᠢᠭᠤᠯᠵᠤ ᠲᠠᠭᠤᠰᠬᠠᠬᠤ ᠶᠢ ᠪᠠᠲᠤᠯᠠᠵᠤ᠂ ᠴᠢᠨᠠᠷ ᠰᠠᠶᠢᠲᠠᠶ ᠬᠥᠭᠵᠢᠯᠲᠡ ᠳᠤ ᠰᠢᠨ᠎ᠡ ᠬᠥᠳᠡᠯᠭᠡᠬᠦ ᠡᠨᠧᠷᠭᠢ ᠨᠡᠮᠡᠷᠢᠯᠡᠵᠦ᠂ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠬᠦ ᠬᠡᠷᠡᠭᠲᠡᠶ᠃ ᠪᠠᠷᠢᠯᠭ᠎ᠠ ᠶᠢᠨ ᠭᠠᠵᠠᠷ ᠤᠨ ᠬᠠᠮᠢᠶᠠᠷᠤᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠠᠶᠤᠯᠬᠦᠢ ᠦᠶᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠠᠶᠤᠯᠬᠦᠢ ᠶᠢᠨ ᠬᠠᠮᠢᠶᠠᠷᠤᠯᠲᠠ ᠪᠣᠯᠤᠨ ᠪᠠᠷᠢᠯᠭ᠎ᠠ ᠶᠢᠨ ᠠᠵᠢᠯᠲᠠᠨ ᠤ ᠠᠶᠤᠯᠬᠦᠢ ᠶᠢᠨ ᠬᠥᠮᠦᠵᠢᠯ ᠢ ᠴᠢᠩᠭᠠᠳᠬᠠᠨ᠂ ᠠᠶᠤᠯᠬᠦᠢ ᠶᠢᠨ ᠭᠡᠮ ᠰᠤᠭᠤᠭ ᠢ ᠴᠠᠭ ᠲᠤᠬᠠᠶ ᠳᠤᠨᠢ ᠵᠢᠭᠰᠠᠭᠠᠨ ᠪᠠᠶᠢᠴᠠᠭᠠᠬᠤ ᠪᠠ ᠠᠷᠢᠯᠭᠠᠵᠤ᠂ ᠪᠠᠷᠢᠮᠵᠢᠶᠠᠵᠢᠭᠤᠯᠤᠨ ᠪᠠᠷᠢᠯᠭ᠎ᠠ ᠪᠠᠷᠢᠵᠤ᠂ ᠵᠢᠷᠤᠮᠵᠢᠭᠤᠯᠤᠨ ᠬᠠᠮᠢᠶᠠᠷᠴᠤ᠂ ᠭᠤᠤᠯᠳᠠᠯᠭ᠎ᠠ ᠲᠠᠢ ᠲᠥᠷᠥᠯ ᠵᠦᠶᠯ ᠤᠨ ᠪᠦᠲᠦᠭᠡᠨ ᠪᠠᠶᠢᠭᠤᠯᠤᠯᠲᠠ ᠶᠢᠨ ᠡᠮᠬᠢ ᠲᠢᠭᠯᠢᠮ ᠲᠠᠢ ᠠᠬᠢᠬᠤ ᠶᠢ ᠦᠨᠡᠨᠬᠦ ᠪᠠᠲᠤᠯᠠᠬᠤ ᠬᠡᠷᠡᠭᠲᠡᠶ ᠬᠡᠪᠡ᠃      ᠲᠤᠭᠤᠷᠢᠭ ᠤᠨ ᠤᠳᠤᠷᠢᠳᠤᠯᠭ᠎ᠠ ᠢᠦᠢ ᠵᠠᠨ ᠵᠢᠶᠠᠩ᠂ ᠹᠦ᠋ ᠢᠦᠢ᠂ ᠢᠦᠢ ᠷᠦᠢ ᠴᠢᠩ᠂ ᠰᠤ᠋ ᠵᠢᠶᠦ᠋ᠨ᠂ ᠵᠧᠦ ᠬᠠᠢ ᠹᠸᠢ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ ︵ᠰᠤᠷᠪᠤᠯᠵᠢᠯᠠᠭᠴᠢ᠄ ᠶᠠᠨ ᠢ ᠫᠸᠢ ᠬᠢᠨᠠᠨ ᠬᠠᠷᠭᠤᠭᠤᠯᠤᠬᠰᠠᠨ ᠨᠢ᠄ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠬᠡᠷ︶  
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号