ᠬᠥᠨᠳᠡᠯᠡᠨ ᠲᠣᠭᠤᠷᠢᠭ ᠤᠯᠤᠰ ᠤᠨ ᠪᠠᠶᠠᠷ ᠠᠴᠠ ᠡᠮᠦᠨᠡᠬᠢ ᠠᠮᠤᠷ ᠲᠦᠪᠰᠢᠨ ᠤ ᠪᠠᠶᠢᠴᠠᠭᠠᠯᠲᠠ ᠶᠢᠨ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2024/10/16
    ᠤᠯᠤᠰ ᠤᠨ ᠪᠠᠶᠠᠷ ᠤᠨ ᠬᠤᠭᠤᠴᠠᠭᠠᠨ ᠳᠠᠬᠢ ᠠᠶᠤᠯᠬᠦᠢ ᠦᠶᠯᠡᠳᠪᠦᠷᠢᠯᠡᠯ ᠤᠨ ᠠᠵᠢᠯ ᠢ ᠦᠨᠡᠨ ᠬᠦ ᠰᠠᠶᠢᠲᠤᠷ ᠬᠢᠵᠦ᠂ ᠡᠯ᠎ᠡ ᠲᠥᠷᠥᠯ ᠤᠨ ᠠᠮᠤᠷ ᠲᠦᠪᠰᠢᠨ ᠤ ᠬᠡᠮ ᠰᠣᠭᠤᠭ ᠢ ᠪᠦᠲᠦᠮᠵᠢᠲᠡᠶ ᠰᠡᠷᠭᠡᠶᠢᠯᠡᠨ ᠠᠷᠢᠯᠭᠠᠬᠤ ᠶᠢᠨ ᠲᠥᠯᠥᠭᠡ᠂ 9 ᠰᠠᠷ᠎ᠠ ᠶᠢᠨ 27 ᠤ ᠡᠳᠦᠷ ᠠᠴᠠ 9 ᠰᠠᠷ᠎ᠠ ᠶᠢᠨ 30 ᠤ ᠡᠳᠦᠷ ᠪᠣᠯᠲᠠᠯ᠎ᠠ᠂ ᠲᠤᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠰᠢᠲᠠᠮᠠᠬᠠᠶ ᠬᠡᠶ ᠶᠢᠨ ᠠᠵᠤ ᠠᠬᠤᠶᠢᠯᠠᠯ ᠢᠶᠠᠷ ᠭᠤᠤᠯ ᠪᠤᠯᠭᠠᠵᠤ᠂ ᠶᠢᠨ ᠰᠠᠨ ᠵᠢᠶᠤᠤ ᠠᠮᠲᠠᠲᠤ ᠢᠳᠡᠭᠡᠨ ᠤ ᠵᠡᠭᠡᠯᠢ᠂ ᠤᠯᠠᠭᠠᠨ ᠵᠠᠮ ᠤᠨ ᠵᠠᠭᠡᠯᠢ ᠳᠠᠭᠠᠤ ᠬᠦᠮᠦᠨ ᠬᠠᠷ᠎ᠠ ᠲᠥᠪᠯᠡᠷᠡᠭᠰᠡᠨ ᠲᠠᠯᠠᠪᠤᠷ ᠭᠠᠵᠠᠷ ᠲᠤ ᠰᠢᠲᠠᠮᠠᠬᠠᠶ ᠬᠡᠶ ᠶᠢᠨ ᠠᠮᠤᠷ ᠲᠦᠪᠰᠢᠨ ᠤ ᠪᠠᠶᠢᠴᠠᠭᠠᠯᠲᠠ ᠬᠢᠵᠦ᠂ ᠢᠳᠡᠭᠡᠨ ᠤᠮᠳᠠᠭᠠᠨ ᠤ ᠠᠵᠤ ᠠᠬᠤᠶᠢᠯᠠᠯ ᠤᠨ ᠰᠢᠳᠠᠮᠠᠬᠠᠢ ᠬᠡᠶ ᠬᠡᠷᠡᠭᠯᠡᠬᠦ 16 ᠬᠤᠳᠠᠯᠳᠤᠭᠠᠨ ᠤ ᠡᠷᠦᠬᠡ ᠶᠢ ᠪᠠᠶᠢᠴᠠᠭᠠᠵᠤ᠂ ᠠᠶᠤᠯᠬᠦᠢ ᠦᠶᠯᠡᠳᠪᠦᠷᠢᠯᠡᠯ ᠤᠨ ᠡᠬᠡ ᠲᠠᠩᠰᠠ ᠪᠠᠶᠢᠭᠤᠯᠤᠭᠰᠠᠨ ᠥᠬᠡᠶ᠂ ᠰᠢᠲᠠᠮᠠᠬᠠᠶ ᠬᠡᠶ ᠶᠢᠨ ᠲᠤᠨᠤᠭ ᠲᠥᠬᠦᠭᠡᠷᠦᠮᠵᠢ ᠶᠢᠨ ᠲᠤᠭᠤᠷᠢᠨ ᠳᠤ ᠬᠠᠶᠠᠭᠳᠠᠮᠠᠯ ᠪᠣᠳᠠᠰ ᠣᠪᠣᠭᠠᠯᠠᠵᠤ ᠲᠠᠯᠪᠢᠭᠰᠠᠨ ᠵᠡᠷᠭᠡ 9 ᠭᠠᠵᠠᠷ ᠲᠠᠬᠢ ᠬᠡᠮ ᠰᠣᠭᠤᠭ ᠢ ᠵᠢᠭᠰᠠᠭᠠᠨ ᠪᠠᠶᠢᠴᠠᠭᠠᠵᠤ ᠢᠯᠡᠷᠡᠭᠦᠯᠪᠡ᠂ ᠣᠳᠣᠬᠠᠨ ᠳᠤ ᠨᠢᠭᠡᠨᠲᠡ ᠪᠦᠬᠦᠨ ᠢ ᠴᠡᠭᠴᠡᠯᠡᠨ ᠰᠠᠶᠢᠵᠢᠷᠠᠭᠤᠯᠵᠤ ᠳᠠᠭᠤᠰᠬᠠᠪᠠ᠃ ᠲᠣᠰ ᠤᠳᠠᠭᠠᠨ ᠤ ᠪᠠᠶᠢᠴᠠᠭᠠᠯᠲᠠ ᠪᠠᠷ ᠳᠠᠮᠵᠢᠭᠤᠯᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠ ᠬᠡᠮ ᠰᠤᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠪᠥᠬᠦ ᠲᠠᠯ᠎ᠠ ᠪᠠᠷ ᠴᠢᠩᠭᠠᠳᠬᠠᠵᠤ᠂ ᠡᠯ᠎ᠡ ᠲᠥᠷᠥᠯ ᠤᠨ ᠦᠶᠯᠡᠳᠪᠦᠷᠢᠯᠡᠯ ᠤᠨ ᠠᠮᠤᠷ ᠲᠦᠪᠰᠢᠨ ᠤ ᠠᠳᠡᠯ ᠢ ᠪᠦᠲᠦᠮᠵᠢᠲᠡᠶ ᠰᠡᠷᠭᠡᠶᠢᠯᠡᠪᠡ᠃ ︵ᠲᠤᠰ ᠰᠡᠳᠬᠦᠯ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号