ᠬᠥᠨᠳᠡᠯᠡᠨ ᠲᠣᠭᠤᠷᠢᠭ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢᠨ ᠪᠠᠶᠠᠷ ᠤᠨ ᠡᠳᠦᠷ ᠠᠴᠠ ᠡᠮᠦᠨᠡᠬᠢ ᠠᠮᠤᠷ ᠲᠦᠪᠰᠢᠨ ᠤ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/10/16
     9 ᠰᠠᠷ᠎ᠠ ᠶᠢᠨ 29 ᠤ ᠡᠳᠦᠷ ᠠᠴᠠ 9 ᠰᠠᠷ᠎ᠠ ᠶᠢᠨ 30 ᠤ ᠡᠳᠦᠷ ᠪᠣᠯᠲᠠᠯ᠎ᠠ᠂ ᠲᠤᠭᠤᠷᠢᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠨᠢ ᠤᠯᠤᠰ ᠤᠨ ᠪᠠᠶᠠᠷ ᠠᠴᠠ ᠡᠮᠦᠨ᠎ᠡ ᠬᠠᠷᠢᠶ᠎ᠠ ᠣᠷᠣᠨ ᠤ ᠳᠣᠲᠣᠷᠠᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥᠯ ᠤᠨ ᠰᠤᠷᠭᠠᠭᠤᠯᠢ ᠶᠢᠨ ᠭᠠᠳᠠᠨᠠᠬᠢ 5 ᠪᠣᠯᠪᠠᠰᠤᠷᠠᠯ ᠤᠨ ᠪᠠᠶᠢᠭᠤᠯᠤᠮᠵᠢ ᠳᠤ ᠠᠶᠤᠯᠬᠦᠢ ᠦᠢᠯᠡᠳᠪᠦᠷᠢᠯᠡᠯ ᠤᠨ ᠲᠤᠰᠬᠠᠶ ᠪᠠᠶᠢᠴᠠᠭᠠᠯᠲᠠ ᠥᠷᠨᠢᠭᠦᠯᠵᠦ᠂ ᠭᠤᠣᠯᠳᠠᠭᠤ ᠪᠣᠯᠪᠠᠰᠤᠷᠠᠯ ᠤᠨ ᠪᠠᠶᠢᠭᠤᠯᠤᠮᠵᠢ ᠶᠢᠨ ᠭᠠᠯ ᠤᠨᠲᠠᠷᠠᠭᠠᠬᠤ ᠲᠤᠨᠤᠭ ᠲᠥᠬᠦᠭᠡᠷᠦᠮᠵᠢ ᠶᠢᠨ ᠲᠣᠬᠢᠷᠠᠭᠤᠯᠤᠯᠲᠠ ᠨᠢ ᠪᠦᠷᠢᠨ ᠬᠦᠢᠴᠡᠳ ᠪᠠᠶᠢᠬᠤ ᠡᠰᠡᠬᠦ᠂ ᠴᠠᠬᠢᠯᠭᠠᠨ ᠬᠡᠷᠡᠭᠰᠡᠯ ᠲᠤᠨᠤᠭ ᠲᠥᠬᠦᠭᠡᠷᠦᠮᠵᠢ ᠶᠢᠨ ᠴᠠᠬᠢᠯᠭᠠᠨ ᠬᠡᠯᠬᠢᠶ᠎ᠡ ᠠᠮᠤᠷ ᠲᠦᠪᠰᠢᠨ ᠤ ᠪᠠᠷᠢᠮᠵᠢᠶ᠎ᠠ ᠳᠤ ᠨᠡᠶᠢᠴᠡᠬᠦ ᠡᠰᠡᠬᠦ᠂ ᠵᠢᠭᠠᠨ ᠰᠤᠷᠭᠠᠬᠤ ᠲᠤᠷᠰᠢᠯᠲᠠ ᠶᠢᠨ ᠪᠠᠭᠠᠵᠢ ᠮᠠᠲ᠋ᠧᠷᠢᠶᠠᠯ ᠤᠨ ᠶᠠᠰᠤ ᠴᠢᠨᠠᠷ ᠨᠢ ᠬᠢᠷᠢ ᠲᠡᠩᠴᠡᠭᠰᠡᠨ ᠡᠰᠡᠬᠦ᠂ ᠲᠦᠷᠭᠡᠨ ᠠᠪᠤᠷᠠᠬᠤ ᠬᠠᠶᠢᠷᠴᠠᠭ ᠲᠠᠬᠢ ᠡᠮ ᠤᠨ ᠴᠢᠨᠠᠷ ᠢ ᠪᠠᠲᠤᠯᠠᠬᠤ ᠬᠤᠭᠤᠴᠠᠭ᠎ᠠ ᠨᠢ ᠪᠠᠷᠢᠮᠵᠢᠶ᠎ᠠ ᠳᠤ ᠨᠡᠶᠢᠴᠡᠬᠦ ᠡᠰᠡᠬᠦ᠂ ᠪᠣᠯᠪᠠᠰᠤᠷᠠᠯ ᠤᠨ ᠪᠠᠶᠢᠭᠤᠯᠤᠮᠵᠢ ᠨᠢ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠦᠭᠰᠡᠨ ᠡᠰᠡᠬᠦ ᠵᠡᠷᠭᠡ ᠲᠠᠯ᠎ᠠ ᠶᠢᠨ ᠲᠤᠭᠤᠷᠢᠨ ᠳᠤ ᠭᠤᠣᠯᠳᠠᠯᠭ᠎ᠠ ᠲᠠᠢ ᠪᠠᠶᠢᠴᠠᠭᠠᠪᠠ᠃ ᠪᠠᠶᠢᠴᠠᠭᠠᠬᠤ ᠶᠠᠪᠤᠴᠠ ᠳᠤ ᠢᠯᠡᠷᠡᠬᠦᠯᠦᠭᠰᠡᠨ ᠠᠮᠤᠷ ᠲᠦᠪᠰᠢᠨ ᠤ ᠭᠡᠮ ᠰᠤᠭᠤᠭ ᠪᠣᠯᠤᠨ ᠠᠰᠠᠭᠤᠳᠠᠯ ᠳᠤ ᠲᠡᠷᠡ ᠲᠤᠤᠷ᠎ᠠ ᠨᠢ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠬᠤ ᠶᠢᠨ ᠬᠠᠮᠲᠤ ᠪᠣᠯᠪᠠᠰᠤᠷᠠᠯ ᠤᠨ ᠪᠠᠶᠢᠭᠤᠯᠤᠮᠵᠢ ᠶᠢᠨ ᠬᠠᠷᠢᠭᠤᠴᠠᠯᠭᠠᠲᠠᠨ ᠢ ᠵᠢᠭᠠᠨ ᠵᠢᠯᠣᠭᠤᠳᠴᠤ ᠪᠠᠷᠢᠨ ᠬᠡᠷᠡᠭᠵᠢᠭᠦᠯᠵᠦ ᠪᠠᠷᠢᠨ ᠵᠠᠯᠠᠷᠠᠭᠤᠯᠪᠠ᠃ ᠣᠳᠣᠬᠠᠨ ᠪᠣᠯᠲᠠᠯ᠎ᠠ ᠢᠯᠡᠷᠡᠭᠦᠯᠦᠭᠰᠡᠨ ᠠᠮᠤᠷ ᠲᠦᠪᠰᠢᠨ ᠤ ᠬᠡᠮ ᠰᠤᠭᠤᠭ ᠤᠨ 3 ᠠᠰᠠᠭᠤᠳᠠᠯ ᠢ ᠨᠢᠭᠡᠨᠲᠡ ᠪᠦᠬᠦᠨ ᠢ ᠴᠡᠭᠴᠡᠯᠡᠨ ᠵᠠᠰᠠᠵᠤ ᠳᠠᠭᠤᠰᠬᠠᠪᠠ᠃  ︵ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ︶  
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号