ᠨᠠᠮᠤᠷ ᠤᠨ ᠤᠯᠠᠷᠢᠯ ᠪᠣᠯ ᠡᠯᠪᠡᠭ ᠬᠤᠷᠢᠶᠠᠯᠲᠠ ᠶᠢᠨ ᠤᠯᠠᠷᠢᠯ ᠪᠣᠯᠤᠨ᠎ᠠ᠂ ᠮᠠᠰᠢ ᠤᠯᠠᠨ ᠬᠥᠮᠦᠨ ᠡᠰᠢ | ᠰᠦᠷᠡᠯ᠂ ᠲᠤᠲᠤᠷᠭᠠᠨ ᠡᠪᠡᠰᠦ ᠰᠢᠲᠠᠭᠠᠬᠤ ᠠᠵᠢᠯ ᠢ ᠡᠬᠢᠯᠡᠬᠦᠯᠳᠡᠭ᠂ ᠤᠶᠢᠷ᠎ᠠ ᠶᠢᠨ ᠬᠤᠭᠤᠴᠠᠭᠠᠨ ᠳᠤ ᠠᠭᠤᠷ | ᠠᠮᠢᠰᠬᠤᠯ ᠭᠠᠩ ᠬᠠᠭᠤᠷᠠᠶ ᠪᠤᠯᠵᠤ᠂ ᠶᠡᠭᠡ ᠰᠠᠯᠬᠢ ᠪᠠᠶᠢᠨ ᠲᠠᠬᠢᠨ ᠰᠠᠯᠬᠢᠯᠠᠵᠤ ᠪᠠᠶᠢᠨ᠎ᠠ᠂ ᠡᠨᠡ ᠦᠶ᠎ᠡ ᠳᠤ ᠰᠠᠶᠢᠨ | ᠬᠡᠷᠰᠡᠦᠯᠡᠬᠦ ᠦᠬᠡᠢ ᠶᠤᠮ ᠪᠤᠯ ᠭᠠᠯ ᠤᠨ ᠠᠶᠤᠯ ᠡᠭᠦᠰᠭᠡᠵᠦ ᠡᠳ᠋ ᠬᠦᠷᠦᠩᠭᠡ ᠶᠢ ᠬᠤᠬᠢᠷᠠᠯ ᠳᠤ ᠤᠴᠠᠷᠠᠭᠤᠯ᠊ᠵᠤ | ᠮᠡᠳᠡᠨ᠎ᠡ᠃ | ᠨᠠᠮᠤᠷ ᠤᠨ ᠤᠯᠠᠷᠢᠯ ᠳᠤ ᠭᠠᠯ ᠢ ᠰᠡᠷᠭᠡᠶᠢᠯᠡᠨ ᠭᠠᠯ ᠤᠨᠲᠠᠷᠠᠭᠠᠬᠤ ᠲᠤᠬᠠᠢ ᠲᠠ ᠡᠳᠡᠭᠡᠷ ᠵᠦᠢᠯ ᠢ ᠮᠡᠳᠡᠬᠦ | ᠴᠢᠬᠤᠯᠠᠲᠠᠢ᠄ | 1. ᠨᠠᠮᠤᠷ ᠤᠨ ᠵᠢᠭᠤᠯᠴᠢᠯᠠᠯ ᠤᠨ ᠬᠤᠭᠤᠴᠠᠭᠠᠨ ᠳᠤ ᠬᠦᠮᠦᠰ ᠰᠢᠷᠠᠮᠠᠯ ᠢᠳᠡᠬᠦ᠂ ᠬᠡᠭᠡᠷ᠎ᠡ ᠬᠤᠭᠤᠯᠠᠯᠠᠬᠤ | ᠳᠠᠭᠠᠨ ᠠᠮᠠᠷᠬᠠᠨ ᠨᠣᠴᠣᠬᠤ ᠪᠣᠳᠠᠰ ᠦᠭᠡᠢ ᠭᠠᠵᠠᠷ ᠣᠷᠣᠨ ᠢ ᠰᠣᠩᠭᠤᠵᠤ᠂ ᠭᠠᠯ ᠢ ᠪᠦᠷᠢᠮᠦᠰᠦᠨ | ᠤᠨᠲᠠᠷᠠᠭᠠᠭᠰᠠᠨ ᠤ ᠳᠠᠷᠠᠭ᠎ᠠ ᠰᠠᠶ᠋ᠢ ᠰᠠᠯᠵᠤ ᠶᠠᠪᠤᠬᠤ ᠬᠡᠷᠡᠭᠲᠡᠢ᠃ | 2. ᠨᠠᠮᠤᠷ ᠤᠨ ᠬᠤᠷᠢᠶᠠᠯᠲᠠ ᠶᠢᠨ ᠦᠶ᠎ᠡ ᠳᠤ᠂ ᠲᠠᠷᠢᠶᠠᠨ ᠭᠠᠵᠠᠷ᠂ ᠰᠢᠭᠤᠶᠢᠲᠤ ᠣᠷᠣᠨ ᠳᠤ ᠭᠠᠯ ᠤᠨ ᠴᠤᠭ ᠢ | ᠠᠪᠴᠤ ᠣᠷᠣᠵᠤ ᠪᠣᠯᠬᠤ ᠦᠭᠡᠶ᠂ ᠡᠰᠢ ᠰᠦᠷᠡᠯ ᠰᠢᠲᠠᠭᠠᠬᠤ ᠶᠢ ᠴᠠᠭᠠᠵᠠᠯᠠᠬᠤ ᠬᠡᠷᠡᠭᠳᠡᠢ᠃ | 3. ᠨᠠᠮᠤᠷ ᠤᠨ ᠤᠯᠠᠷᠢᠯ ᠳᠤ ᠠᠭᠤᠷ ᠠᠮᠢᠰᠬᠤᠯ ᠭᠠᠩ ᠬᠠᠭᠤᠷᠠᠶ ᠪᠤᠯᠬᠤᠷ ᠤᠨᠲᠠᠷᠠᠭᠠᠳᠤᠶ ᠲᠠᠮᠠᠬᠢᠨ | ᠶᠣᠵᠣᠭᠤᠷ ᠢ ᠬᠤᠭ ᠤᠨ ᠣᠪᠣᠭ᠎ᠠ᠂ ᠬᠠᠭᠤᠷᠠᠶ ᠡᠪᠡᠰᠦᠨ ᠣᠪᠣᠭ᠎ᠠ ᠵᠡᠷᠭᠡ ᠨᠣᠴᠣᠮᠠᠲᠠᠭᠠᠶ ᠰᠢᠲᠠᠮᠠᠬᠠᠶ ᠪᠣᠳᠠᠰ ᠳᠡᠭᠡᠷ᠎ᠡ | ᠬᠠᠶᠠᠵᠤ ᠪᠣᠯᠬᠤ ᠦᠭᠡᠶ᠂ ᠬᠡᠪᠲᠡᠵᠦ ᠪᠠᠶᠢᠭᠠᠳ ᠲᠠᠮᠠᠬᠢ ᠲᠠᠲᠠᠵᠤ ᠪᠣᠯᠬᠤ ᠦᠭᠡᠶ᠂ ᠲᠠᠮᠠᠬᠢᠨ ᠶᠣᠵᠣᠭᠤᠷ ᠢ ᠴᠠᠭ | ᠲᠤᠬᠠᠶ ᠳᠤᠨᠢ ᠴᠢᠮᠬᠢᠵᠦ ᠤᠨᠲᠠᠷᠠᠭᠠᠨ᠂ ᠭᠠᠯ ᠤᠨ ᠠᠶᠤᠯ ᠤᠨ ᠬᠡᠮ ᠰᠤᠭᠤᠭ ᠢ ᠦᠯᠡᠳᠡᠭᠡᠵᠦ ᠪᠣᠯᠬᠤ ᠦᠭᠡᠶ᠃ | 4. ᠨᠠᠮᠤᠷ ᠤᠨ ᠤᠯᠠᠷᠢᠯ ᠳᠤ ᠬᠦᠮᠦᠰ ᠤᠨ ᠭᠠᠯ ᠬᠡᠷᠡᠭᠯᠡᠬᠦ ᠬᠡᠮᠵᠢᠶ᠎ᠡ ᠶᠡᠬᠡᠰᠴᠦ᠂ ᠰᠢᠳᠠᠮᠠᠬᠠᠢ ᠬᠡᠢ | ᠲᠠᠮᠵᠢᠭᠤᠯᠬᠤ ᠬᠤᠭᠤᠯᠠᠶ ᠳᠤ ᠬᠡᠢ ᠭᠤᠭᠤᠵᠢᠬᠤ ᠪᠠᠶᠢᠳᠠᠯ ᠪᠠᠶᠢᠬᠤ ᠡᠰᠡᠬᠦ ᠶᠢ ᠲᠣᠭᠲᠠᠮᠠᠯ ᠬᠤᠭᠤᠴᠠᠭ᠎ᠠ ᠲᠠᠢ ᠪᠠᠷ | ᠪᠠᠶᠢᠴᠠᠭᠠᠬᠤ ᠬᠡᠷᠡᠭᠲᠡᠶ᠂ ᠡᠪᠳᠡᠷᠡᠭᠰᠡᠨ ᠬᠡᠰᠡᠭ ᠢ ᠢᠯᠡᠷᠡᠬᠦᠯᠪᠡᠯ ᠴᠠᠭ ᠲᠤᠬᠠᠢ ᠳᠤᠨᠢ ᠰᠣᠯᠢᠬᠤ ᠬᠡᠷᠡᠭᠲᠡᠶ᠃ | 5. ᠴᠠᠬᠢᠯᠭᠠᠨ ᠤᠲᠠᠰᠤ ᠶᠢ ᠳᠤᠷ᠎ᠠ ᠪᠠᠷ ᠢᠶᠠᠨ ᠲᠠᠲᠠᠵᠤ ᠳᠤᠷ᠎ᠠ ᠪᠠᠷ ᠢᠶᠠᠨ ᠵᠠᠯᠭᠠᠵᠤ ᠪᠣᠯᠬᠤ ᠥᠬᠡᠶ᠂ ᠬᠡᠷ ᠤᠨ | ᠴᠠᠬᠢᠯᠭᠠᠨ ᠬᠡᠷᠡᠭᠰᠡᠯ ᠤᠨ ᠴᠢᠭᠢᠭᠲᠦᠬᠦ ᠶᠢ ᠰᠡᠷᠭᠡᠶᠢᠯᠡᠵᠤ᠂ ᠨᠡᠷᠡᠨ ᠳᠤ ᠰᠢᠷᠠᠭᠳᠠᠬᠤ ᠶᠢ ᠰᠡᠷᠭᠡᠶᠢᠯᠡᠵᠤ᠂ ᠰᠠᠯᠬᠢ | ᠨᠡᠪᠲᠡᠷᠡᠭᠦᠯᠬᠦ ᠭᠠᠵᠠᠷ ᠲᠤ ᠲᠠᠯᠪᠢᠵᠤ᠂ ᠡᠷᠬᠢᠨ ᠲᠣᠭᠤᠷᠢᠨ ᠳᠤ ᠨᠢ ᠨᠣᠴᠣᠮᠠᠲᠠᠭᠠᠶ ᠲᠡᠰᠦᠷᠡᠮᠡᠳᠡᠬᠡᠢ ᠪᠣᠳᠠᠰ ᠢ | ᠲᠠᠯᠪᠢᠵᠤ ᠪᠣᠯᠬᠤ ᠥᠬᠡᠶ᠂ ᠴᠠᠬᠢᠯᠭᠠᠨ ᠤᠭᠯᠠᠭᠤᠷᠭ᠎ᠠ ᠶᠢ ᠭᠠᠯ ᠤᠨ ᠡᠬᠢ ᠠᠴᠠ ᠬᠤᠯᠠ ᠪᠠᠶᠢᠯᠭᠠᠬᠤ ᠬᠡᠷᠡᠭᠲᠡᠶ᠃ | 6. ᠭᠡᠷ ᠤᠨ ᠠᠬᠠᠮᠠᠳ ᠪᠣᠯᠤᠭᠰᠠᠳ ᠬᠡᠦᠬᠡᠳ ᠢᠶᠠᠨ ᠭᠠᠯ᠂ ᠴᠦᠳᠡᠩ᠂ ᠨᠣᠴᠣᠭᠠᠭᠤᠷ ᠵᠡᠷᠭᠡ ᠶᠢ ᠨᠠᠭᠠᠳᠴᠤ | ᠪᠣᠯᠬᠤ ᠦᠭᠡᠢ ᠭᠡᠵᠦ ᠰᠤᠷᠭᠠᠬᠤ ᠬᠡᠷᠡᠭᠲᠡᠢ ᠮᠦᠷᠳᠡᠬᠡᠨ ᠡᠳᠡᠬᠡᠷ ᠢ ᠬᠡᠦᠬᠡᠳ ᠬᠦᠷᠴᠦ ᠲᠡᠶᠢᠯᠬᠦ ᠦᠬᠡᠢ ᠭᠠᠵᠠᠷ | ᠲᠠᠯᠪᠢᠬᠤ ᠬᠡᠷᠡᠭᠳᠡᠢ᠃ | 7. ︽ᠭᠤᠷᠪᠠ ᠶᠢ ᠴᠡᠪᠡᠷᠯᠡᠬᠦ ᠭᠤᠷᠪᠠᠨ ᠬᠠᠭᠠᠬᠤ︾ ᠶᠢ ᠪᠠᠲᠤ ᠴᠡᠭᠡᠵᠢᠯᠡᠬᠦ ᠬᠡᠷᠡᠭᠲᠡᠢ᠄ ᠲᠣᠭᠤᠭᠠᠨ ᠭᠡᠷ᠂ | ᠨᠠᠷᠠᠪᠴᠢ᠂ ᠠᠰᠠᠷ ᠤᠨ ᠬᠤᠩᠬᠢᠯ ᠢ ᠴᠡᠪᠡᠷᠯᠡᠬᠦ ᠬᠡᠷᠡᠭᠳᠡᠢ᠂ ᠰᠢᠳᠠᠮᠠᠬᠠᠢ ᠬᠡᠢ ᠡᠭᠦᠰᠭᠡᠭᠴᠢ ᠶᠢ ᠬᠠᠭᠠᠬᠤ᠂ ᠴᠠᠬᠢᠯᠭᠠᠨ | ᠡᠭᠦᠰᠭᠡᠭᠴᠢ ᠶᠢ ᠬᠠᠭᠠᠬᠤ᠂ ᠭᠠᠯ ᠡᠭᠦᠰᠭᠡᠭᠴᠢ ᠶᠢ ᠬᠠᠭᠠᠬᠤ ᠬᠡᠷᠡᠭᠲᠡᠢ᠃ | 8. ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢᠨ ᠭᠠᠯ ᠰᠡᠷᠭᠡᠶᠢᠯᠡᠬᠦ ᠵᠦᠢᠯᠡᠰ ᠢ ᠠᠩᠬᠠᠷᠴᠤ᠂ ᠢᠯᠡ | ᠲᠡᠳᠠᠬᠰᠠᠨ ᠴᠠᠬᠢᠯᠭᠠᠨ ᠤᠳᠠᠰᠤ ᠪᠠᠷ ᠴᠠᠬᠢᠯᠭᠠᠨ ᠴᠡᠨᠡᠭᠯᠡᠵᠦ ᠪᠣᠯᠬᠤ ᠦᠭᠡᠶ᠂ ᠴᠠᠬᠢᠯᠭᠠᠨ ᠬᠥᠳᠡᠯᠭᠡᠭᠦᠷᠲᠦ ᠳᠤᠭᠤᠶ | ᠲᠡᠷᠭᠡ ᠶᠢ ᠠᠰᠠᠷ ᠤᠨ ᠬᠤᠩᠬᠢᠯ ᠳᠤ ᠠᠪᠴᠤ ᠣᠷᠣᠬᠤ ᠶᠢ ᠴᠠᠭᠠᠵᠠᠯᠠᠬᠤ ᠬᠡᠷᠡᠭᠲᠡᠶ᠃ |