ᠰᠢ ᠶᠢᠨ ᠫᠢᠩ ᠳᠤᠮᠳᠠᠳᠤ ᠤᠯᠤᠰ ᠤᠨ ᠤᠯᠠᠨ ᠤᠯᠤᠰ ᠤᠨ ᠣᠶᠤᠲᠠᠳ ᠤᠨ ᠰᠢᠨ᠎ᠡ ᠶᠢ ᠡᠭᠦᠳᠬᠦ ᠤᠷᠤᠯᠳᠤᠭᠠᠨ ᠳᠤ ᠣᠷᠣᠯᠴᠠᠬᠰᠠᠨ ᠰᠤᠷᠤᠬᠴᠢᠳ ᠤᠨ ᠲᠥᠯᠥᠭᠡᠯᠡᠭᠴᠢᠳ ᠲᠤ ᠬᠠᠷᠢᠭᠤ ᠵᠠᠬᠢᠳᠠᠯ ᠢᠯᠡᠭᠡᠵᠦ ᠰᠢᠨᠵᠢᠯᠡᠬᠦ ᠤᠬᠠᠭᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠢᠳᠡᠪᠬᠢᠲᠡᠢ ᠣᠷᠣᠯᠴᠠᠵᠤ ᠳᠤᠮᠳᠠᠳᠤ ᠭᠠᠳᠠᠭᠠᠳᠤ ᠶᠢᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠣᠯᠢᠯᠴᠠᠭ᠎ᠠ ᠶᠢ ᠠᠬᠢᠭᠤᠯᠵᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠪᠰᠢᠯᠳᠠ ᠶᠢ ᠠᠬᠢᠭᠤᠯᠬᠤ ᠳᠤ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠭᠡᠷᠡᠢ ᠭᠡᠵᠦ ᠵᠣᠷᠢᠭᠵᠢᠭᠤᠯᠪᠠ
ᠨᠡᠶᠢᠲᠡᠯᠡᠭᠰᠡᠨ ᠴᠠᠭ᠄
2024/10/19
      ᠰᠢᠨᠬᠤᠸᠠ ᠬᠤᠷᠢᠶ᠎ᠠ ᠶᠢᠨ ᠪᠡᠭᠡᠵᠢᠩ ᠤᠨ 10 ᠰᠠᠷ᠎ᠠ ᠶᠢᠨ 17 ᠤ ᠴᠠᠭᠢᠯᠭᠠᠨ ᠮᠡᠳᠡᠭᠡ ᠣᠶᠢᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠳᠤᠮᠳᠠᠳᠤ ᠤᠯᠤᠰ ᠤᠨ ᠣᠯᠠᠨ ᠤᠯᠤᠰ ᠤᠨ ᠣᠶᠤᠲᠠᠳ ᠤᠨ ᠰᠢᠨ᠎ᠡ ᠶᠢ ᠡᠭᠦᠳᠬᠦ ᠤᠷᠤᠯᠳᠤᠭᠠᠨ ᠳᠤ ᠣᠷᠣᠯᠴᠠᠬᠰᠠᠨ ᠰᠤᠷᠤᠬᠴᠢᠳ ᠤᠨ ᠲᠥᠯᠥᠭᠡᠯᠡᠭᠴᠢᠳ ᠲᠤ ᠬᠠᠷᠢᠭᠤ ᠵᠠᠬᠢᠳᠠᠯ ᠢᠯᠡᠭᠡᠵᠦ᠂ ᠲᠡᠳᠡᠨ ᠢ ᠳᠣᠲᠣᠨᠣ ᠪᠠᠷ ᠵᠣᠷᠢᠭᠵᠢᠭᠤᠯᠬᠤ ᠶᠢᠨ ᠬᠠᠮᠲᠤ ᠴᠢᠩ ᠰᠡᠳᠬᠢᠯ ᠤᠨ ᠬᠦᠰᠡᠯ ᠨᠠᠶᠢᠳᠠᠯᠭ᠎ᠠ ᠳᠤᠷᠠᠳᠴᠠᠢ᠃     ᠰᠢ ᠶᠢᠨ ᠫᠢᠩ᠂ ᠲᠠ ᠨᠠᠷ ᠤᠷᠤᠯᠳᠤᠭᠠᠨ ᠢᠶᠠᠷ ᠲᠠᠪᠴᠠᠩ ᠪᠤᠯᠭᠠᠵᠤ᠂ ᠬᠢᠴᠢᠶᠡᠯ ᠤᠨ ᠲᠠᠩᠬᠢᠮ ᠪᠣᠯᠣᠨ ᠲᠤᠷᠰᠢᠯᠲᠠ ᠶᠢᠨ ᠲᠠᠰᠤᠭ ᠲᠤ ᠣᠯᠵᠤ ᠰᠣᠷᠣᠬᠰᠠᠨ ᠮᠡᠳᠡᠯᠭᠡ ᠪᠠᠷ ᠢᠶᠠᠨ ᠪᠣᠳᠠᠲᠠᠢ ᠠᠰᠠᠭᠤᠳᠠᠯ ᠢ ᠰᠢᠢᠳᠪᠦᠷᠢᠯᠡᠵᠦ᠂ ᠰᠢᠨ᠎ᠡ ᠶᠢ ᠡᠭᠦᠳᠬᠦ ᠦᠢᠯᠡᠳᠦᠯᠭᠡ ᠶᠢᠨ ᠳᠤᠮᠳᠠ ᠡᠷᠳᠡᠮ ᠢᠶᠠᠨ ᠨᠡᠮᠡᠭᠳᠡᠭᠦᠯᠵᠦ᠂ ᠴᠢᠳᠠᠪᠤᠷᠢ ᠪᠠᠨ ᠳᠡᠭᠡᠭᠰᠢᠯᠡᠭᠦᠯᠵᠦ᠂ ᠬᠠᠷᠢᠯᠴᠠᠨ ᠰᠤᠷᠤᠯᠴᠠᠵᠤ ᠬᠠᠷᠢᠯᠴᠠᠨ ᠲᠣᠯᠢ ᠪᠤᠯᠭᠠᠬᠤ ᠳᠤᠮᠳᠠ ᠳᠤᠮᠳᠠᠳᠤ ᠭᠠᠳᠠᠭᠠᠳᠤ ᠶᠢᠨ ᠵᠠᠯᠠᠭᠤᠴᠤᠳ ᠤᠨ ᠨᠥᠬᠦᠷᠯᠡᠯ ᠢ ᠵᠤᠵᠠᠭᠠᠳᠬᠠᠪᠠ᠂ ᠡᠨᠡ ᠨᠢ ᠮᠠᠰᠢ ᠶᠡᠭᠡ ᠠᠴᠢ ᠬᠤᠯᠪᠣᠭᠳᠠᠯ ᠲᠠᠢ ᠶᠤᠮ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠰᠢᠨ᠎ᠡ ᠶᠢ ᠡᠭᠦᠳᠬᠦ ᠪᠣᠯ ᠬᠥᠮᠥᠨ ᠲᠥᠷᠥᠯᠬᠢᠲᠡᠨ ᠤ ᠲᠠᠪᠰᠢᠯᠳᠠ ᠶᠢᠨ ᠡᠬᠢ ᠪᠤᠯᠠᠭ ᠮᠥᠨ᠂ ᠵᠠᠯᠠᠭᠤᠴᠤᠳ ᠪᠣᠯ ᠰᠢᠨ᠎ᠡ ᠶᠢ ᠡᠭᠦᠳᠬᠦ ᠶᠢᠨ ᠴᠢᠬᠤᠯᠠ ᠰᠢᠨ᠎ᠡ ᠬᠦᠴᠦᠨ ᠮᠥᠨ᠃ ᠲᠠ ᠨᠠᠷ ᠰᠢᠨᠵᠢᠯᠡᠬᠦ ᠤᠬᠠᠭᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠢᠳᠡᠪᠬᠢᠲᠡᠢ ᠣᠷᠣᠯᠴᠠᠵᠤ᠂ ᠳᠤᠮᠳᠠᠳᠤ ᠭᠠᠳᠠᠭᠠᠳᠤ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠣᠯᠢᠯᠴᠠᠭ᠎ᠠ ᠶᠢ ᠠᠬᠢᠭᠤᠯᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠪᠰᠢᠯᠳᠠ ᠶᠢ ᠠᠬᠢᠭᠤᠯᠬᠤ ᠳᠤ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ᠃ ᠨᠡᠶᠢᠭᠡᠮ ᠳᠠᠶᠠᠭᠠᠷ ᠢᠶᠠᠨ ᠵᠠᠯᠠᠭᠤᠴᠤᠳ ᠤᠨ ᠦᠰᠦᠨ ᠪᠤᠶᠢᠵᠢᠯᠲᠠ ᠪᠠ ᠬᠥᠭᠵᠢᠯᠲᠡ ᠶᠢ ᠬᠠᠯᠠᠮᠵᠢᠯᠠᠵᠤ᠂ ᠰᠢᠨ᠎ᠡ ᠶᠢ ᠡᠭᠦᠳᠬᠦ ᠪᠠ ᠦᠢᠯᠡᠰ ᠪᠣᠰᠬᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠵᠤ᠂ ᠥᠷᠭᠡᠨ ᠤᠯᠠᠨ ᠵᠠᠯᠠᠭᠤᠴᠤᠳ ᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠷᠭᠡᠨ ᠠᠭᠤᠳᠠᠮ ᠣᠷᠣᠨ ᠵᠠᠢ ᠳᠤ ᠠᠪᠢᠶᠠᠰ ᠴᠢᠳᠠᠪᠤᠷᠢ ᠪᠠᠨ ᠨᠡᠩ ᠰᠠᠶᠢᠨ ᠢᠯᠡᠷᠡᠭᠦᠯᠬᠦ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃      ᠳᠤᠮᠳᠠᠳᠤ ᠤᠯᠤᠰ ᠤᠨ ᠣᠯᠠᠨ ᠤᠯᠤᠰ ᠤᠨ ᠣᠶᠤᠲᠠᠳ ᠤᠨ ᠰᠢᠨ᠎ᠡ ᠶᠢ ᠡᠭᠦᠳᠬᠦ ᠤᠷᠤᠯᠳᠤᠭᠠᠨ ᠢ ᠰᠤᠷᠭᠠᠨ ᠬᠥᠮᠦᠵᠢᠯ ᠤᠨ ᠶᠠᠮᠤᠨ ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠲᠠᠢ ᠬᠠᠮᠲᠤᠷᠠᠨ ᠭᠤᠣᠯᠯᠠᠨ ᠡᠷᠭᠢᠯᠡᠵᠦ᠂ ᠳᠤᠮᠳᠠᠳᠤ ᠭᠠᠳᠠᠭᠠᠳᠤ ᠶᠢᠨ ᠣᠶᠤᠲᠠᠳ ᠤᠨ ᠰᠢᠨ᠎ᠡ ᠶᠢ ᠡᠭᠦᠳᠴᠦ ᠦᠢᠯᠡᠰ ᠪᠣᠰᠬᠠᠬᠤ᠂ ᠰᠣᠯᠢᠯᠴᠠᠭ᠎ᠠ ᠬᠠᠮᠲᠤᠷᠠᠯᠴᠠᠭ᠎ᠠ ᠬᠢᠬᠦ ᠳᠤ ᠲᠠᠪᠴᠠᠩ ᠬᠠᠩᠭᠠᠬᠤ ᠪᠠᠷ ᠵᠣᠷᠢᠯᠭ᠎ᠠ ᠪᠣᠯᠭᠠᠵᠠᠢ᠃ ᠡᠨᠡ ᠵᠢᠯ ᠤᠨ ᠶᠡᠭᠡ ᠤᠷᠤᠯᠳᠤᠭᠠᠨ ᠳᠤ ᠨᠡᠶᠢᠲᠡ 153 ᠤᠯᠤᠰ ᠪᠠ ᠭᠠᠵᠠᠷ ᠣᠷᠣᠨ ᠤ 2000 ᠭᠠᠷᠤᠢ ᠲᠦᠮᠡᠨ ᠣᠶᠤᠲᠠᠨ ᠣᠷᠣᠯᠴᠠᠵᠤ᠂ ᠡᠭᠦᠨ ᠳᠤ ᠣᠯᠠᠨ ᠤᠯᠤᠰ ᠤᠨ ᠰᠤᠷᠤᠬᠴᠢ 4 ᠲᠦᠮᠡ ᠰᠢᠬᠠᠮ ᠪᠠᠶᠢᠵᠤ᠂ ᠶᠡᠷᠦᠩᠬᠡᠢ ᠰᠢᠢᠳᠪᠦᠷᠢᠲᠦ ᠤᠷᠤᠯᠳᠤᠭᠠᠨ ᠱᠠᠩᠬᠠᠢ ᠳᠤ ᠶᠠᠪᠤᠭᠳᠠᠵᠠᠢ᠃ ᠣᠶᠢᠷ᠎ᠠ ᠳᠤ᠂ ᠤᠷᠤᠯᠳᠤᠭᠠᠨ ᠳᠤ ᠣᠷᠣᠯᠴᠠᠬᠰᠠᠨ ᠰᠤᠷᠤᠬᠴᠢ ᠶᠢᠨ 25 ᠲᠥᠯᠥᠭᠡᠯᠡᠭᠴᠢ ᠶᠡᠷᠦᠩᠬᠡᠢ ᠱᠦᠵᠢ ᠰᠢ ᠶᠢᠨ ᠫᠢᠩ ᠳᠤ ᠵᠠᠬᠢᠳᠠᠯ ᠪᠢᠴᠢᠵᠦ᠂ ᠤᠷᠤᠯᠳᠤᠭᠠᠨ ᠳᠤ ᠣᠷᠣᠯᠴᠠᠬᠰᠠᠨ ᠣᠯᠣᠯᠲᠠ ᠲᠥᠷᠥᠭᠳᠡᠯ ᠢᠶᠠᠨ ᠬᠠᠷᠢᠭᠤ ᠮᠡᠳᠡᠭᠦᠯᠵᠦ᠂ ᠰᠢᠨ᠎ᠡ ᠶᠢ ᠡᠭᠦᠳᠬᠦ ᠦᠢᠯᠡᠳᠦᠯᠭᠡ ᠳᠤ ᠣᠷᠤᠯᠴᠠᠬᠤ᠂ ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠶᠢ ᠵᠣᠷᠢᠭᠲᠠᠢ ᠡᠭᠦᠷᠭᠡᠯᠡᠬᠦ ᠵᠣᠷᠢᠭ ᠢᠶᠠᠨ ᠢᠯᠡᠳᠬᠡᠵᠡᠢ᠃
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号