ᠲᠤᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠬᠤᠷᠠᠯ ᠡᠨᠡ ᠡᠳᠦᠷ ︵10 | ᠰᠠᠷ᠎ᠠ ᠶᠢᠨ 18 ᠤ ᠡᠳᠦᠷ︶ ᠬᠤᠷᠠᠯᠳᠤᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ | ᠪᠠᠶᠢᠷᠢᠯᠠᠭᠤᠯᠪᠠ᠃ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠶᠦᠩ ᠯᠢ ᠬᠤᠷᠠᠯ ᠢ ᠡᠷᠬᠢᠯᠡᠭᠰᠡᠨ ᠪᠥᠭᠡᠳ | ᠶᠠᠷᠢᠶ᠎ᠠ ᠲᠠᠯᠪᠢᠪᠠ᠃ | | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ | ᠪᠠᠶᠢᠭᠤᠯᠤᠭᠳᠠᠭᠰᠠᠨ 75 ᠵᠢᠯ ᠤᠨ ᠤᠢ ᠶᠢ ᠪᠡᠯᠭᠡᠯᠡᠬᠦ ᠳᠠᠶᠢᠯᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ | ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ | 75 ᠵᠢᠯ ᠤᠨ ᠤᠢ ᠶᠢ ᠪᠡᠯᠭᠡᠯᠡᠬᠦ ᠴᠠᠶᠢᠯᠠᠯᠭ᠎ᠠ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ | ᠬᠡᠷᠡᠭᠲᠡᠢ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠨᠢᠭᠡ ᠴᠣᠭᠴᠠ ᠪᠤᠯᠭᠠᠨ ᠰᠤᠷᠤᠯᠴᠠᠨ ᠲᠤᠭᠤᠰᠢᠯᠠᠭᠤᠯᠵᠤ᠂ ︽ᠵᠢᠷᠭᠤᠭᠠᠨ ᠦᠬᠦᠯᠡᠪᠦᠷᠢ ᠦᠭᠡ ᠶᠢᠨ | ᠪᠣᠳᠠᠲᠤ ᠶᠠᠪᠤᠳᠠᠯ ᠪᠠ ᠶᠣᠰᠣ ᠤᠴᠢᠷ︾ ᠢ ᠣᠶᠢᠯᠠᠭᠠᠵᠤ ᠡᠵᠡᠮᠰᠢᠬᠦ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠬᠦ | ᠬᠡᠷᠡᠭᠲᠡᠶ᠂ ᠶᠡᠷᠦᠩᠬᠡᠶ ᠱᠦᠵᠢ ᠰᠢ ᠶᠢᠨ ᠫᠢᠩ ᠤᠨ ᠪᠤᠭᠤᠲᠤ ᠳᠤ ᠵᠢᠭᠠᠪᠤᠷᠢᠯᠠᠬᠰᠠᠨ ︽ᠨᠢᠭᠡ ᠰᠢᠨ᠎ᠡ ᠶᠢ ᠡᠭᠦᠳᠬᠦ᠂ | ᠭᠤᠷᠪᠠ ᠶᠢ ᠪᠡᠶᠡᠯᠡᠭᠦᠯᠬᠦ︾ ᠴᠢᠬᠤᠯᠠ ᠵᠢᠭᠠᠪᠤᠷᠢ ᠶᠢ ᠦᠨᠡᠨᠴᠢ ᠰᠢᠳᠤᠷᠭᠤ ᠪᠠᠷ ᠦᠢᠯᠡᠳᠦᠯᠬᠡᠵᠢᠬᠦᠯᠵᠦ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠬᠴᠠᠯᠠᠬᠤ᠂ ︽ᠲᠠᠪᠤᠨ ᠶᠡᠭᠡ | ᠡᠭᠦᠷᠭᠡ︾ ᠶᠢ ᠪᠡᠶᠡᠯᠡᠭᠦᠯᠬᠦ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠡᠷᠬᠢᠮ ᠳᠡᠭᠡᠳᠦ ᠢᠷᠠᠭᠤ ᠠᠯᠳᠠᠷ ᠢᠶᠠᠨ | ᠦᠷᠭᠦᠯᠵᠢᠯᠡᠨ ᠪᠠᠲᠤᠯᠠᠬᠤ᠂ ︽ᠬᠤᠪᠣᠷ ᠰᠢᠷᠣᠶ ᠶᠢᠨ ᠬᠤᠶᠠᠷ ᠰᠠᠭᠤᠷᠢᠨ︾ ᠢ ᠲᠦᠷᠭᠡᠳᠭᠡᠨ ᠪᠠᠶᠢᠭᠤᠯᠬᠤ ᠵᠡᠷᠭᠡ | ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠶᠢ ᠴᠢᠩᠭ᠎ᠠ ᠠᠳᠬᠤᠨ ᠪᠣᠳᠠᠲᠠᠶ ᠠᠳᠬᠤᠵᠤ᠂ ᠠᠵᠤ ᠦᠢᠯᠡᠰ ᠤᠨ | ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠪᠦᠬᠦ ᠬᠦᠴᠦᠨ ᠢᠶᠠᠷ ᠠᠬᠢᠭᠤᠯᠤᠨ᠂ ᠦᠨᠳᠦᠰᠦᠨ ᠱᠠᠲᠤᠨ ᠤ | ᠵᠠᠰᠠᠯᠲᠠ ᠶᠢ ᠴᠢᠩᠭᠠᠳᠬᠠᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠬᠦᠯᠬᠦ ᠬᠡᠷᠡᠭᠳᠡᠢ᠂ ᠨᠠᠮ ᠤᠨ | ᠲᠥᠪ ᠬᠤᠷᠢᠶᠠᠨ ᠤ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠮᠠᠨ ᠤ ᠲᠤᠭᠤᠷᠢᠭ ᠲᠤ | ᠦᠨᠡᠨᠬᠦ ᠪᠣᠳᠠᠲᠠᠶ ᠳᠤ ᠨᠠᠶᠢᠳᠠᠪᠤᠷᠢᠵᠢᠭᠤᠯᠵᠤ᠂ ᠪᠤᠳᠠᠳᠤ ᠦᠷ᠎ᠡ ᠪᠦᠳᠦᠮᠵᠢ ᠤᠯᠬᠤ ᠶᠢ ᠡᠷᠡᠰ ᠭᠤᠶᠢᠪᠢᠰᠢ ᠥᠬᠡᠶ | ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠥᠬᠦ ᠲᠤᠭᠤᠷᠢᠭ ᠤᠨ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ | ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠤᠭᠰᠠᠨ ᠠᠵᠢᠯ ᠤᠨ ᠪᠠᠶᠢᠳᠠᠯ ᠤᠨ | ᠮᠡᠳᠡᠭᠦᠯᠦᠯᠲᠡ ᠶᠢ ᠰᠣᠨᠣᠰᠴᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠤᠯᠤᠰ ᠲᠥᠷᠥ ᠶᠢᠨ | ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ︽ᠲᠠᠪᠤᠨ ᠶᠡᠭᠡ | ᠡᠭᠦᠷᠭᠡ︾ ᠶᠢ ᠨᠠᠶᠢᠳᠠᠪᠤᠷᠢᠵᠢᠭᠤᠯᠬᠤ ᠶᠢ ᠦᠨᠡᠨᠬᠦ ᠰᠡᠳᠬᠢᠯ ᠳᠡᠭᠡᠨ ᠪᠤᠳᠤᠵᠤ᠂ ᠴᠢᠩᠭ᠎ᠠ ᠠᠳᠬᠤᠵᠤ᠂ | ᠮᠥᠷᠥᠨ ᠳᠡᠭᠡᠨ ᠡᠭᠦᠷᠭᠡᠯᠡᠵᠦ᠂ ᠬᠠᠷᠠᠯᠲᠠ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ ᠢᠶᠠᠨ ᠲᠣᠭᠲᠠᠮᠠᠯ | ᠬᠤᠭᠤᠴᠠᠭ᠎ᠠ ᠲᠠᠢ ᠡᠮᠬᠢᠯᠡᠵᠦ᠂ ᠲᠦᠭᠵᠢᠷᠡᠯ ᠠᠰᠠᠭᠤᠳᠠᠯ ᠬᠦᠴᠢᠷ ᠠᠰᠠᠭᠤᠳᠠᠯ ᠢ ᠴᠠᠭ ᠲᠤᠬᠠᠶ ᠳᠤᠨᠢ ᠰᠤᠳᠤᠯᠤᠨ | ᠰᠢᠶᠳᠪᠦᠷᠢᠯᠡᠵᠦ᠂ ᠣᠨ ᠤ ᠬᠠᠷᠠᠯᠲᠠ ᠡᠭᠦᠷᠭᠡ ᠪᠠᠨ ᠪᠥᠬᠦ ᠬᠦᠴᠦᠨ ᠢᠶᠠᠷ ᠢᠶᠠᠨ ᠪᠡᠶᠡᠯᠡᠭᠦᠯᠬᠦ ᠬᠡᠷᠡᠭᠲᠡᠶ ᠭᠡᠵᠦ | ᠴᠢᠬᠤᠯᠠᠴᠢᠯᠠᠪᠠ᠃ | ᠬᠤᠷᠠᠯ ᠠᠴᠠ ᠪᠥᠬᠦ ᠲᠤᠭᠤᠷᠢᠭ ᠤᠨ ᠰᠣᠶᠣᠯ ᠤᠨ ᠥᠨᠳᠦᠷᠯᠢᠭ ᠢ ᠪᠠᠶᠢᠭᠤᠯᠤᠭᠰᠠᠨ ᠠᠵᠢᠯ ᠤᠨ ᠪᠠᠶᠢᠳᠠᠯ ᠤᠨ | ᠮᠡᠳᠡᠭᠦᠯᠦᠯᠲᠡ ᠶᠢ ᠰᠣᠨᠣᠰᠴᠤ᠂ ᠰᠣᠶᠣᠯ ᠤᠨ ᠥᠨᠳᠦᠷᠯᠢᠭ ᠢ ᠪᠠᠶᠢᠭᠤᠯᠬᠤ ᠶᠢᠨ ᠴᠢᠬᠤᠯᠠ ᠴᠢᠨᠠᠷ ᠪᠣᠯᠤᠨ ᠲᠤᠯᠭᠠᠮ | ᠴᠢᠨᠠᠷ ᠢ ᠭᠦᠶᠴᠡᠳ ᠲᠠᠨᠢᠵᠤ᠂ ᠬᠥᠨᠳᠡᠯᠡᠨ ᠲᠣᠭᠤᠷᠢᠭ ᠤᠨ ᠤᠳᠬ᠎ᠠ ᠵᠣᠬᠢᠶᠠᠯ᠂ ᠰᠣᠶᠣᠯ᠂ ᠰᠣᠶᠣᠯ ᠤᠨ ᠦᠨᠳᠦᠰᠦ | ᠰᠤᠷᠪᠤᠯᠵᠢ ᠶᠢ ᠭᠦᠨᠵᠡᠭᠡᠶ ᠠᠭᠤᠳᠠᠯᠤᠨ ᠲᠠᠶᠢᠯᠪᠤᠷᠢᠯᠠᠬᠤ ᠪᠠᠨ ᠴᠢᠩᠭᠠᠳᠬᠠᠵᠤ᠂ ᠰᠣᠶᠣᠯ ᠢᠶᠠᠷ ᠰᠦᠭ ᠰᠦᠨᠡᠰᠦ ᠶᠢ | ᠱᠤᠭᠤᠬᠤ᠂ ᠰᠣᠶᠣᠯ ᠢᠶᠠᠷ ᠴᠢᠳᠠᠪᠤᠷᠢ ᠶᠢ ᠨᠡᠮᠡᠭᠳᠡᠭᠦᠯᠬᠦ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠶᠢ | ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠪᠥᠬᠦ ᠲᠤᠭᠤᠷᠢᠭ ᠤᠨ ᠰᠣᠶᠣᠯ ᠤᠨ ᠠᠵᠢᠯ ᠦᠶᠯᠡᠰ ᠤᠨ ᠴᠢᠨᠠᠷ | ᠰᠠᠶᠢᠲᠠᠶ ᠬᠥᠭᠵᠢᠯᠲᠡ ᠶᠢ ᠪᠡᠶᠡᠯᠡᠭᠦᠯᠬᠦ ᠶᠢ ᠲᠦᠷᠭᠡᠳᠬᠡᠨ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ | ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠰᠤᠳᠤᠯᠤᠨ ᠪᠠᠶᠢᠷᠢᠯᠠᠭᠤᠯᠵᠤ᠂ ᠲᠥᠪᠯᠡᠷᠡᠭᠦᠯᠦᠨ ᠴᠡᠭᠴᠡᠯᠡᠨ ᠵᠠᠰᠠᠬᠤ | ᠠᠵᠢᠯ ᠢ ᠦᠨᠡᠨ ᠬᠦ ᠲᠣᠪᠤᠶᠢᠮ᠎ᠠ ᠪᠠᠶᠢᠷᠢᠨ ᠳᠤ ᠲᠠᠯᠪᠢᠵᠤ᠂ ᠤᠯᠤᠰ ᠲᠥᠷᠥ ᠶᠢᠨ ᠬᠠᠷᠢᠭᠤᠴᠠᠯᠭ᠎ᠠ ᠶᠢ ᠦᠷᠭᠦᠯᠵᠢᠯᠡᠨ | ᠯᠠᠪᠳᠠᠭᠤᠨ ᠪᠠᠲᠤᠲᠠᠶ ᠡᠭᠦᠷᠭᠡᠯᠡᠵᠦ᠂ ᠡᠯ᠎ᠡ ᠠᠵᠢᠯ ᠲᠥᠷᠥᠯ ᠤᠨ ᠬᠦᠷᠢᠶᠡᠨ ᠳᠤ ᠣᠷᠣᠰᠢᠵᠤ ᠪᠠᠶᠢᠭ᠎ᠠ ᠠᠰᠠᠭᠤᠳᠠᠯ | ᠪᠣᠯᠤᠨ ᠣᠯᠠᠨ ᠲᠦᠮᠡᠨ ᠤ ᠲᠥᠪᠯᠡᠷᠡᠬᠦᠯᠦᠨ ᠲᠤᠰᠬᠠᠭᠰᠠᠨ ᠪᠠᠴᠢᠮᠳᠠᠵᠤ ᠬᠦᠴᠢᠷᠳᠡᠵᠦ ᠲᠦᠪᠡᠭᠳᠡᠵᠦ ᠬᠦᠰᠡᠵᠤ | ᠪᠠᠶᠢᠭ᠎ᠠ ᠠᠰᠠᠭᠤᠳᠠᠯ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠠᠷᠠᠳ ᠣᠯᠠᠨ ᠤ | ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠶ ᠭᠡᠵᠦ | ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ ︵ᠰᠤᠷᠪᠤᠯᠵᠢᠯᠠᠭᠴᠢ᠄ ᠶᠠᠨ ᠢ ᠫᠸᠢ ᠬᠢᠨᠠᠨ | ᠬᠠᠷᠭᠤᠭᠤᠯᠤᠬᠰᠠᠨ ᠨᠢ᠄ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠬᠡᠷ︶ |