ᠰᠢᠨᠬᠤᠸᠠ ᠬᠤᠷᠢᠶᠠᠨ ᠤ ᠪᠡᠭᠡᠵᠢᠩ ᠤᠨ 10 ᠳ᠋ᠤᠭᠠᠷ ᠰᠠᠷ᠎ᠠ ᠶᠢᠨ 22 ᠤᠨ ᠴᠠᠬᠢᠯᠭᠠᠨ ᠮᠡᠳᠡᠭᠡ 10 ᠳ᠋ᠤᠭᠠᠷ | ᠰᠠᠷ᠎ᠠ ᠶᠢᠨ 22 ᠤᠨ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠲᠤᠰᠬᠠᠢ ᠨᠢᠰᠬᠡᠯ ᠢᠶᠠᠷ ᠺᠠᠽᠠᠨ ᠳᠤ | ᠬᠦᠷᠴᠦ᠂ ᠤᠷᠤᠰ ᠤᠨ ᠬᠤᠯᠪᠣᠭᠠᠨ ᠤ ᠶᠡᠷᠦᠩᠬᠡᠶᠢᠯᠡᠭᠴᠢ ᠫᠦᠲ᠋ᠢᠨ ᠤ ᠤᠷᠢᠯᠭ᠎ᠠ ᠪᠠᠷ BRICS ᠤᠨ ᠤᠯᠤᠰ ᠤᠳ ᠤᠨ | ᠤᠳᠤᠷᠢᠳᠬᠤ ᠬᠥᠮᠦᠰ ᠤᠨ ᠠᠷᠪᠠᠨ ᠵᠢᠷᠭᠤᠳᠤᠭᠠᠷ ᠤᠳᠠᠭ᠎ᠠ ᠶᠢᠨ ᠠᠭᠤᠯᠵᠠᠯᠲᠠ ᠳᠤ ᠣᠷᠣᠯᠴᠠᠪᠠ᠃ | ᠰᠢ ᠶᠢᠨ ᠫᠢᠩ ᠳᠤ ᠪᠠᠷ᠎ᠠ ᠪᠣᠯᠵᠤ ᠠᠶᠢᠯᠴᠢᠯᠠᠭᠰᠠᠳ ᠲᠤ᠄ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ ᠠᠯᠪᠠᠨ ᠲᠢᠩᠬᠢᠮ ᠤᠨ | ᠡᠷᠬᠢᠯᠡᠭᠴᠢ ᠼᠠᠢ ᠴᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ | ᠲᠣᠪᠴᠢᠶᠠᠨ ᠤ ᠭᠡᠰᠢᠭᠦᠨ᠂ ᠭᠠᠳᠠᠭᠠᠳᠤ ᠶᠠᠪᠤᠳᠠᠯ ᠤᠨ ᠶᠠᠮᠤᠨ ᠤ ᠰᠠᠶᠢᠳ ᠸᠠᠩ ᠢ ᠨᠠᠷ ᠪᠣᠢ᠃ |