1— 8 ᠰᠠᠷ᠎ᠠ ᠳᠤ᠂ ᠬᠥᠨᠳᠡᠯᠡᠨ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠦᠶᠯᠡᠴᠢᠯᠡᠭᠡᠨ ᠤ | ᠦᠶᠯᠡᠰ ᠲᠣᠭᠲᠠᠭᠤᠨ ᠤ ᠳᠤᠮᠳᠠ ᠲᠠᠪᠰᠢᠵᠤ᠂ ᠣᠲᠣ ᠦᠶ᠎ᠡ ᠶᠢᠨ ᠦᠶᠯᠡᠴᠢᠯᠡᠭᠡᠨ ᠤ ᠦᠶᠯᠡᠰ ᠤᠨ ᠨᠡᠮᠡᠭᠳᠡᠯ ᠤᠨ | ᠬᠠᠨᠳᠤᠰᠢ ᠰᠠᠶᠢᠨ ᠪᠠᠶᠢᠵᠤ᠂ ᠰᠢᠨ᠎ᠡ ᠪᠠᠷ ᠮᠠᠨᠳᠤᠭᠰᠠᠨ ᠦᠶᠯᠡᠴᠢᠯᠡᠭᠡᠨ ᠤ ᠦᠶᠯᠡᠰ ᠥᠷᠨᠢᠨ ᠬᠥᠭᠵᠢᠵᠦ᠂ ᠠᠵᠤ | ᠠᠬᠤᠶ ᠶᠢᠨ ᠨᠡᠮᠡᠭᠳᠡᠯ ᠳᠤ ᠦᠵᠡᠭᠦᠯᠬᠦ ᠬᠤᠪᠢ ᠨᠡᠮᠡᠷᠢ ᠦᠷᠭᠦᠯᠵᠢᠯᠡᠨ ᠳᠡᠭᠡᠭᠰᠢᠯᠡᠪᠡ᠃ | ᠦᠢᠯᠡᠴᠢᠯᠡᠭᠡᠨ ᠤ ᠦᠢᠯᠡᠰ ᠪᠦᠬᠦᠯᠢ ᠴᠣᠭᠴᠠ ᠪᠠᠷ ᠢᠶᠠᠨ ᠦᠷᠭᠦᠯᠵᠢᠯᠡᠨ ᠰᠠᠶᠢᠵᠢᠷᠠᠪᠠ᠃ ᠬᠡᠪᠴᠢᠶᠡᠵᠢᠯ ᠠᠴᠠ | ᠳᠡᠭᠡᠭᠰᠢᠬᠢ ᠦᠶᠯᠡᠴᠢᠯᠡᠭᠡᠨ ᠤ ᠦᠶᠯᠡᠰ ᠤᠨ ᠡᠵᠡᠩᠨᠡᠯᠲᠡ ᠶᠢᠨ ᠣᠷᠣᠯᠭ᠎ᠠ ᠲᠡᠭᠡᠷ᠎ᠡ ᠵᠢᠯ ᠤᠨ ᠠᠳᠠᠯᠢ | ᠬᠤᠭᠤᠴᠠᠭᠠᠨ ᠤ ᠬᠢ ᠠᠴᠠ 2.0% ᠪᠠᠷ ᠨᠡᠮᠡᠭᠳᠡᠵᠦ᠂ ᠨᠡᠮᠡᠭᠳᠡᠯ ᠤᠨ ᠬᠡᠮᠵᠢᠶ᠎ᠡ ᠨᠢ 1— 7 | ᠰᠠᠷ᠎ᠠ ᠶᠢᠨ ᠬᠢ ᠠᠴᠠ ᠵᠠᠭᠤᠨ ᠤ ᠬᠠᠷᠢᠴᠠᠯ ᠢᠶᠠᠷ 0.2 ᠬᠤᠪᠢ ᠨᠡᠮᠡᠭᠳᠡᠵᠤ᠂ 10 ᠠᠵᠢᠯ ᠲᠥᠷᠥᠯ ᠤᠨ ᠲᠣᠮᠣ | ᠲᠥᠷᠥᠯ ᠳᠠᠬᠢ 8 ᠠᠵᠢᠯ ᠲᠥᠷᠥᠯ ᠨᠢ ᠠᠰᠢᠭ ᠣᠯᠵᠠᠪᠤᠷᠢ ᠲᠠᠢ ᠪᠠᠶᠢᠬᠤ ᠶᠢ ᠪᠡᠶᠡᠯᠡᠭᠦᠯᠵᠦ᠂ ᠠᠰᠢᠭ ᠣᠯᠵᠠᠪᠤᠷᠢ | ᠲᠠᠢ ᠪᠠᠶᠢᠬᠤ ᠬᠡᠪᠴᠢᠶ᠎ᠡ ᠨᠢ 80% ᠳᠤ ᠬᠥᠷᠪᠡ᠂ ᠡᠭᠦᠨ ᠳᠤ᠂ ᠰᠢᠨᠵᠢᠯᠡᠬᠦ ᠤᠬᠠᠭᠠᠨ ᠤ ᠰᠤᠳᠤᠯᠭᠠᠨ ᠪᠠ | ᠮᠡᠷᠭᠡᠵᠢᠯ ᠤᠨ ᠦᠶᠯᠡᠴᠢᠯᠡᠭᠡᠨ ᠤ ᠦᠶᠯᠡᠰ ᠵᠡᠷᠭᠡ ᠠᠵᠢᠯ ᠲᠥᠷᠥᠯ ᠨᠡᠯᠢᠶᠡᠳ ᠲᠦᠷᠭᠡᠨ ᠨᠡᠮᠡᠭᠳᠡᠯ ᠢᠶᠠᠨ ᠪᠠᠲᠤᠯᠠᠪᠠ᠃ | ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠨᠡᠮᠡᠭᠳᠡᠯ ᠤᠨ ᠬᠠᠨᠳᠤᠰᠢ ᠰᠠᠶᠢᠨ ᠪᠠᠶᠢᠨ᠎ᠠ᠃ ᠲᠦᠷᠢᠶᠡᠰᠦᠯᠡᠵᠤ | ᠲᠦᠷᠢᠶᠡᠰᠦᠯᠡᠬᠦᠯᠬᠦ ᠪᠠ ᠬᠤᠳᠠᠯᠳᠤᠭᠠᠨ ᠤ ᠶᠠᠪᠤᠳᠠᠯ ᠤᠨ ᠦᠶᠯᠡᠴᠢᠯᠡᠭᠡᠨ ᠤ ᠦᠶᠯᠡᠰ ᠤᠨ ᠡᠵᠡᠩᠨᠡᠯᠲᠡ ᠶᠢᠨ ᠣᠷᠣᠯᠭ᠎ᠠ | ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 15.1% ᠪᠠᠷ ᠨᠡᠮᠡᠭᠳᠡᠵᠦ᠂ ᠪᠥᠬᠦ ᠬᠡᠪᠴᠢᠶᠡᠵᠢᠯ ᠠᠴᠠ | ᠳᠡᠭᠡᠭᠰᠢᠬᠢ ᠦᠶᠯᠡᠴᠢᠯᠡᠭᠡᠨ ᠤ ᠦᠶᠯᠡᠰ ᠤᠨ ᠨᠡᠮᠡᠭᠳᠡᠯ ᠢ ᠵᠠᠭᠤᠨ ᠤ ᠬᠠᠷᠢᠴᠠᠯ ᠢᠶᠠᠷ 0.9 ᠬᠤᠪᠢ ᠳᠠᠶᠢᠴᠢᠯᠠᠪᠠ︔ | ᠮᠡᠳᠡᠭᠡ ᠵᠠᠩᠭᠢ ᠶᠢᠨ ᠳᠠᠮᠵᠢᠭᠤᠯᠭ᠎ᠠ᠂ ᠵᠥᠭᠡᠯᠡᠨ ᠲᠣᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠶᠯᠡᠴᠢᠯᠡᠭᠡᠨ ᠤ | ᠦᠶᠯᠡᠰ ᠤᠨ ᠡᠵᠡᠩᠨᠡᠯᠲᠡ ᠶᠢᠨ ᠣᠷᠣᠯᠭ᠎ᠠ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 8.0% ᠪᠠᠷ | ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠪᠥᠬᠦ ᠦᠶᠯᠡᠴᠢᠯᠡᠭᠡᠨ ᠤ ᠦᠶᠯᠡᠰ ᠤᠨ ᠨᠡᠮᠡᠭᠳᠡᠯ ᠢ ᠵᠠᠭᠤᠨ ᠤ ᠬᠠᠷᠢᠴᠠᠯ | ᠢᠶᠠᠷ 0.2 ᠬᠤᠪᠢ ᠳᠠᠶᠢᠴᠢᠯᠠᠪᠠ᠃ ᠰᠢᠨ᠎ᠡ ᠪᠠᠷ ᠮᠠᠨᠳᠤᠬᠰᠠᠨ ᠦᠢᠯᠡᠴᠢᠯᠡᠭᠡᠨ ᠤ ᠦᠢᠯᠡᠰ ᠥᠷᠨᠢᠩᠭᠦᠢ ᠬᠥᠭᠵᠢᠪᠡ᠃ | ᠢᠨᠲ᠋ᠧᠷ ᠰᠦᠯᠵᠢᠶ᠎ᠡ᠂ ᠵᠥᠭᠡᠯᠡᠨ ᠲᠣᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠶᠯᠡᠴᠢᠯᠡᠭᠡᠨ ᠤ ᠦᠶᠯᠡᠰ ᠤᠨ | ᠡᠵᠡᠩᠨᠡᠯᠲᠡ ᠶᠢᠨ ᠣᠷᠣᠯᠭ᠎ᠠ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 22.8% ᠪᠠᠷ ᠨᠡᠮᠡᠭᠳᠡᠵᠦ᠂ | ᠪᠥᠬᠦ ᠬᠡᠪᠴᠢᠶᠡᠵᠢᠯ ᠠᠴᠠ ᠳᠡᠭᠡᠭᠰᠢᠬᠢ ᠦᠶᠯᠡᠴᠢᠯᠡᠭᠡᠨ ᠤ ᠦᠶᠯᠡᠰ ᠤᠨ ᠨᠡᠡᠮᠭᠳᠡᠯ ᠢ ᠵᠠᠭᠤᠨ ᠤ ᠬᠠᠷᠢᠴᠠᠯ ᠢᠶᠠᠷ 0.3 | ᠬᠤᠪᠢ ᠳᠠᠶᠢᠴᠢᠯᠠᠪᠠ᠃ | |