ᠲᠦᠷᠦᠭᠦᠦ ᠭᠤᠷᠪᠠᠨ ᠤᠯᠠᠷᠢᠯ ᠳᠤ ᠬᠥᠨᠳᠡᠯᠡᠨ ᠲᠣᠭᠤᠷᠢᠭ ᠤᠨ ᠬᠡᠷ ᠭᠠᠵᠠᠷ ᠤᠨ ᠬᠥᠷᠥᠩᠭᠡ ᠶᠢᠨ ᠪᠣᠷᠣᠯᠠᠭᠤᠯᠭ᠎ᠠ ᠶᠢᠨ ᠵᠠᠬ᠎ᠠ ᠳᠡᠯᠭᠡᠭᠦᠷ ᠦᠷᠭᠦᠯᠵᠢᠯᠡᠨ ᠰᠠᠶᠢᠵᠢᠷᠠᠵᠤ ᠨᠡᠭᠡᠭᠡᠨ ᠬᠥᠭᠵᠢᠭᠦᠯᠬᠦ ᠪᠠᠯᠠ ᠣᠷᠣᠭᠤᠯᠤᠯᠲᠠ  ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 24.5% ᠪᠠᠷ ᠨᠡᠮᠡᠭᠳᠡᠪᠡ
ᠨᠡᠶᠢᠲᠡᠯᠡᠭᠰᠡᠨ ᠴᠠᠭ᠄
2024/10/25
     ᠲᠦᠷᠦᠭᠦᠦ ᠭᠤᠷᠪᠠᠨ ᠤᠯᠠᠷᠢᠯ ᠳᠤ᠂ ᠬᠥᠨᠳᠡᠯᠡᠨ ᠲᠣᠭᠤᠷᠢᠭ ᠤᠨ ᠲᠠᠸᠠᠷ ᠤᠨ ᠬᠡᠷ ᠪᠠᠶᠢᠰᠢᠩ ᠢ ᠪᠣᠷᠣᠯᠠᠭᠤᠯᠤᠭᠰᠠᠨ ᠲᠠᠯᠠᠪᠠᠶ ᠨᠢᠳᠤᠨᠤᠨ ᠤ 5 ᠰᠠᠷ᠎ᠠ ᠠᠴᠠ ᠨᠠᠭᠠᠰᠢ ᠠᠩᠬ᠎ᠠ ᠤᠳᠠᠭ᠎ᠠ ᠡᠶᠡᠷᠭᠦ ᠨᠡᠮᠡᠭᠳᠡᠯ ᠢ ᠪᠡᠶᠡᠯᠡᠭᠦᠯᠵᠦ᠂ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 1.0% ᠪᠠᠷ ᠨᠡᠮᠡᠭᠳᠡᠵᠦ᠂ ᠳᠡᠭᠡᠷ᠎ᠡ ᠬᠠᠭᠠᠰ ᠵᠢᠯ ᠤᠨ ᠬᠢ ᠠᠴᠠ ᠵᠠᠭᠤᠨ ᠤ ᠬᠠᠷᠢᠴᠠᠯ ᠢᠶᠠᠷ 28.1ᠬᠤᠪᠢ ᠳᠡᠭᠡᠭᠰᠢᠯᠡᠪᠡ︔ ᠬᠡᠷ ᠭᠠᠵᠠᠷ ᠤᠨ ᠬᠥᠷᠥᠩᠭᠡ ᠶᠢ ᠨᠡᠭᠡᠭᠡᠡ ᠭᠦᠭᠵᠢᠬᠦᠯᠬᠦ ᠪᠠᠯᠠ ᠣᠷᠣᠭᠤᠯᠤᠯᠲᠠ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 24.5% ᠪᠠᠷ ᠨᠡᠮᠡᠭᠳᠡᠵᠦ᠂ ᠳᠡᠭᠡᠷ᠎ᠡ ᠬᠠᠭᠠᠰ ᠵᠢᠯ ᠤᠨ ᠬᠢ ᠠᠴᠠ ᠵᠠᠭᠤᠨ ᠤ ᠬᠠᠷᠢᠴᠠᠯ ᠢᠶᠠᠷ 1.5 ᠬᠤᠪᠢ ᠳᠡᠭᠡᠭᠰᠢᠯᠡᠪᠡ᠃ ᠪᠦᠷᠢᠯᠳᠦᠯ ᠠᠴᠠ ᠦᠵᠡᠪᠡᠯ᠂ ᠪᠠᠷᠢᠯᠭ᠎ᠠ ᠶᠢᠨ ᠢᠨᠵᠧᠨᠧᠷᠢᠩ ᠤᠨ ᠪᠠᠯᠠ ᠣᠷᠣᠭᠤᠯᠤᠯᠲᠠ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 30.7% ᠪᠠᠷ ᠨᠡᠮᠡᠭᠳᠡᠵᠦ᠂ ᠵᠠᠰᠠᠵᠤ ᠴᠢᠮᠡᠭᠯᠡᠬᠦ ᠪᠠᠷᠢᠯᠭ᠎ᠠ ᠶᠢᠨ ᠪᠠᠯᠠ ᠣᠷᠣᠭᠤᠯᠤᠯᠲᠠ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 6.7 ᠳᠠᠬᠢᠨ ᠨᠡᠮᠡᠭᠳᠡᠪᠡ︔ ᠪᠠᠷᠢᠯᠭ᠎ᠠ ᠶᠢᠨ ᠲᠠᠯᠠᠪᠠᠶ ᠠᠴᠠ ᠦᠵᠡᠪᠡᠯ᠂ ᠲᠠᠸᠠᠷ ᠤᠨ ᠣᠷᠣᠨ ᠰᠠᠭᠤᠴᠠ ᠶᠢᠨ ᠲᠥᠷᠥᠯ ᠤᠨ ᠬᠡᠷ ᠪᠠᠶᠢᠰᠢᠩ ᠤᠨ ᠪᠠᠯᠠ ᠣᠷᠣᠭᠤᠯᠤᠯᠲᠠ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 34.1% ᠪᠠᠷ ᠨᠡᠮᠡᠭᠳᠡᠪᠡ᠂ ᠡᠭᠦᠨ ᠳᠤ ᠪᠠᠷᠢᠯᠭ᠎ᠠ ᠶᠢᠨ ᠲᠠᠯᠠᠪᠠᠶ 90 ᠲᠡᠭᠰᠢ ᠳᠥᠷᠪᠡᠯᠵᠢᠨ ᠮᠧᠲᠷ ᠠᠴᠠ  ᠲᠤᠷᠤᠬᠰᠢ ᠬᠡᠷ ᠪᠠᠶᠢᠰᠢᠩ 97.1% ᠪᠠᠷ ᠨᠡᠮᠡᠭᠳᠡᠵᠦ᠂ 90 — 144 ᠲᠡᠭᠰᠢ ᠳᠥᠷᠪᠡᠯᠵᠢᠨ ᠮᠧᠲᠷ ᠤᠨ ᠬᠡᠷ ᠪᠠᠶᠢᠰᠢᠩ 27.8% ᠪᠠᠷ ᠨᠡᠮᠡᠭᠳᠡᠪᠡ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号