ᠲᠦᠷᠦᠭᠦᠦ ᠭᠤᠷᠪᠠᠨ ᠤᠯᠠᠷᠢᠯ ᠳᠤ ᠬᠥᠨᠳᠡᠯᠡᠨ ᠲᠣᠭᠤᠷᠢᠭ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠲᠦᠷᠭᠡᠨ ᠨᠡᠮᠡᠭᠳᠡᠪᠡ
ᠨᠡᠶᠢᠲᠡᠯᠡᠭᠰᠡᠨ ᠴᠠᠭ᠄
2024/10/25
     ᠲᠦᠷᠦᠭᠦᠦ ᠭᠤᠷᠪᠠᠨ ᠤᠯᠠᠷᠢᠯ ᠳᠤ᠂ ᠬᠥᠨᠳᠡᠯᠡᠨ ᠲᠣᠭᠤᠷᠢᠭ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 21.8% ᠪᠠᠷ ᠨᠡᠮᠡᠭᠳᠡᠵᠦ᠂ ᠨᠡᠮᠡᠭᠳᠡᠯ ᠤᠨ ᠤᠶᠠᠨ ᠬᠠᠲᠠᠨ ᠴᠢᠨᠠᠷ ᠴᠢᠩᠭ᠎ᠠ ᠪᠣᠯᠪᠠ᠃      ᠦᠢᠯᠡᠴᠢᠯᠡᠭᠡᠨ ᠤ ᠦᠢᠯᠡᠰ ᠤᠨ ᠲᠠᠶᠢᠴᠢᠯᠠᠯᠲᠠ ᠢᠯᠡᠷᠬᠡᠢ ᠪᠤᠯᠪᠠ᠃ ᠲᠦᠷᠦᠭᠦᠦ ᠭᠤᠷᠪᠠᠨ ᠤᠯᠠᠷᠢᠯ ᠳᠤ᠂ ᠨᠢᠭᠡᠳᠦᠭᠡᠷ ᠠᠵᠤ ᠦᠶᠯᠡᠰ ᠤᠨ ᠪᠠᠯᠠ ᠣᠷᠣᠭᠤᠯᠤᠯᠲᠠ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ     79.8% ᠪᠠᠷ ᠪᠠᠭᠤᠷᠠᠵᠤ᠂ ᠬᠤᠶᠠᠳᠤᠭᠠᠷ ᠠᠵᠤ ᠦᠶᠯᠡᠰ ᠤᠨ ᠪᠠᠯᠠ ᠣᠷᠣᠭᠤᠯᠤᠯᠲᠠ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 9.5% ᠪᠠᠷ ᠨᠡᠮᠡᠭᠳᠡᠨ᠂ 73% ᠶᠢ ᠡᠵᠡᠯᠡᠵᠦ᠂ ᠪᠥᠬᠦ ᠪᠠᠯᠠ ᠣᠷᠣᠭᠤᠯᠤᠯᠲᠠ ᠶᠢ ᠵᠠᠭᠤᠨ ᠤ ᠬᠠᠷᠢᠴᠠᠯ ᠢᠶᠠᠷ 7.7 ᠬᠤᠪᠢ ᠳᠠᠶᠢᠴᠢᠯᠠᠪᠠ︔ ᠭᠤᠷᠪᠠᠳᠤᠭᠠᠷ ᠠᠵᠤ ᠦᠶᠯᠡᠰ ᠤᠨ ᠪᠠᠯᠠ ᠣᠷᠣᠭᠤᠯᠤᠯᠲᠠ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 81.9% ᠪᠠᠷ ᠨᠡᠮᠡᠭᠳᠡᠵᠦ᠂ 26.9% ᠶᠢ ᠡᠵᠡᠯᠡᠵᠦ᠂ ᠪᠥᠬᠦ ᠪᠠᠯᠠ ᠣᠷᠣᠭᠤᠯᠤᠯᠲᠠ ᠶᠢ ᠵᠠᠭᠤᠨ ᠤ ᠬᠠᠷᠢᠴᠠᠯ ᠢᠶᠠᠷ 14.7 ᠬᠤᠪᠢ ᠳᠠᠶᠢᠴᠢᠯᠠᠪᠠ᠂ ᠡᠭᠦᠨ ᠳᠤ᠂ ᠲᠦᠷᠢᠶᠡᠰᠦᠯᠡᠵᠦ ᠲᠦᠷᠢᠶᠡᠰᠦᠯᠡᠬᠦᠯᠬᠦ ᠪᠠ ᠬᠤᠳᠠᠯᠳᠤᠭᠠᠨ ᠤ ᠶᠠᠪᠤᠳᠠᠯ ᠤᠨ ᠦᠶᠯᠡᠴᠢᠯᠡᠭᠡᠨ ᠤ ᠦᠶᠯᠡᠰ ᠢᠯᠡᠳᠲᠡ ᠨᠡᠮᠡᠭᠳᠡᠵᠦ᠂ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 3.4 ᠳᠠᠬᠢᠨ ᠨᠡᠮᠡᠭᠳᠡᠪᠡ᠃     ᠭᠤᠷᠪᠠᠨ ᠶᠡᠭᠡ ᠬᠦᠷᠢᠶᠡᠨ ᠳᠠᠬᠢ ᠪᠡᠯᠡ ᠣᠷᠣᠭᠤᠯᠤᠯᠲᠠ ᠪᠦᠬᠦ ᠲᠠᠯ᠎ᠠ ᠪᠠᠷ ᠨᠡᠮᠡᠭᠳᠡᠪᠡ᠃ ᠲᠦᠷᠦᠭᠦᠦ ᠭᠤᠷᠪᠠᠨ ᠤᠯᠠᠷᠢᠯ ᠳᠤ᠂ ᠦᠶᠯᠡᠳᠬᠦ ᠦᠶᠯᠡᠰ ᠤᠨ ᠪᠠᠯᠠ ᠣᠷᠣᠭᠤᠯᠤᠯᠲᠠ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 7.9 % ᠪᠠᠷ ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠶᠢ ᠵᠠᠭᠤᠨ ᠤ ᠬᠠᠷᠢᠴᠠᠯ ᠢᠶᠠᠷ 6.2 ᠬᠤᠪᠢ ᠳᠠᠶᠢᠴᠢᠯᠠᠪᠠ︔ ᠬᠡᠷ ᠭᠠᠵᠠᠷ ᠤᠨ ᠬᠥᠷᠥᠩᠭᠡ ᠶᠢᠨ ᠪᠠᠯᠠ ᠣᠷᠣᠭᠤᠯᠤᠯᠲᠠ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 24.5% ᠪᠠᠷ ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠶᠢ ᠵᠠᠭᠤᠨ ᠤ ᠬᠠᠷᠢᠴᠠᠯ ᠢᠶᠠᠷ 2 ᠬᠤᠪᠢ ᠳᠠᠶᠢᠴᠢᠯᠠᠪᠠ︔ ᠰᠠᠭᠤᠷᠢ ᠲᠥᠬᠦᠭᠡᠷᠦᠮᠵᠢ ᠶᠢᠨ ᠪᠠᠯᠠ ᠣᠷᠣᠭᠤᠯᠤᠯᠲᠠ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 83.2 % ᠢᠶᠠᠷ ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠶᠢ  ᠵᠠᠭᠤᠨ ᠤ ᠬᠠᠷᠢᠴᠠᠯ  ᠢᠶᠠᠷ 7.9 ᠬᠤᠪᠢ ᠳᠠᠶᠢᠴᠢᠯᠠᠪᠠ᠃      ᠰᠢᠨ᠎ᠡ ᠪᠠᠷ ᠠᠵᠢᠯ ᠡᠬᠢᠯᠡᠭᠦᠯᠦᠭᠰᠡᠨ ᠪᠠᠯᠠ ᠣᠷᠣᠭᠤᠯᠤᠯᠲᠠ ᠶᠢᠨ ᠲᠥᠷᠥᠯ ᠵᠦᠶᠯ ᠤᠨ ᠶᠠᠰᠤ ᠴᠢᠨᠠᠷ ᠵᠡᠷᠭᠡ ᠪᠠᠷ ᠳᠡᠭᠡᠭᠰᠢᠯᠡᠪᠡ᠃ ᠲᠦᠷᠦᠭᠦᠦ ᠭᠤᠷᠪᠠᠨ ᠤᠯᠠᠷᠢᠯ ᠳᠤ᠂ ᠰᠢᠨ᠎ᠡ ᠪᠠᠷ ᠠᠵᠢᠯ ᠡᠬᠢᠯᠡᠭᠦᠯᠦᠭᠰᠡᠨ ᠪᠠᠯᠠ ᠣᠷᠣᠭᠤᠯᠤᠯᠲᠠ ᠶᠢᠨ ᠲᠥᠷᠥᠯ ᠵᠦᠶᠯ 93 ︵ᠬᠡᠷ ᠭᠠᠵᠠᠷ ᠤᠨ ᠬᠥᠷᠥᠩᠭᠡ ᠪᠠᠭᠲᠠᠨ᠎ᠠ︶ ᠪᠠᠶᠢᠵᠤ᠂ ᠨᠢᠬᠡᠨᠳᠡ  ᠪᠡᠯᠡ ᠤᠷᠤᠭᠤᠯᠤᠬᠰᠠᠨ ᠬᠡᠮᠵᠢᠶ᠎ᠡ ᠨᠢ ᠪᠥᠬᠦ ᠪᠠᠯᠠ ᠣᠷᠣᠭᠤᠯᠤᠯᠲᠠ ᠳᠤ ᠡᠵᠡᠯᠡᠬᠦ ᠬᠤᠪᠢ ᠶᠢᠨ ᠵᠢᠩ ᠨᠢ 35.6% ᠶᠢ ᠪᠡᠶᠡᠯᠡᠭᠦᠯᠵᠦ᠂ ᠲᠥᠷᠥᠯ ᠵᠦᠶᠯ ᠤᠨ ᠲᠤᠭ᠎ᠠ ᠨᠢ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 18 ᠨᠡᠮᠡᠭᠳᠡᠵᠡᠶ᠂ ᠡᠭᠦᠨ ᠳᠤ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠰᠢᠨ᠎ᠡ ᠪᠠᠷ ᠠᠵᠢᠯ ᠡᠬᠢᠯᠡᠭᠦᠯᠦᠭᠰᠡᠨ ᠲᠥᠷᠥᠯ ᠵᠦᠶᠯ 24 ᠪᠤᠢ᠃     ᠠᠷᠠᠳ ᠤᠨ ᠬᠥᠷᠥᠩᠭᠡ ᠶᠢᠨ ᠪᠡᠯᠡ ᠣᠷᠣᠭᠤᠯᠤᠯᠲᠠ ᠶᠢᠨ ᠠᠮᠢᠵᠢᠷᠠᠯ ᠤᠨ ᠬᠦᠴᠦᠨ ᠴᠢᠩᠭ᠎ᠠ ᠪᠤᠯᠵᠠᠢ᠃ ᠲᠦᠷᠦᠭᠦᠦ ᠭᠤᠷᠪᠠᠨ ᠤᠯᠠᠷᠢᠯ ᠳᠤ᠂ ᠠᠷᠠᠳ ᠤᠨ ᠪᠠᠯᠠ ᠣᠷᠣᠭᠤᠯᠤᠯᠲᠠ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 11.3% ᠪᠠᠷ ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠶᠢ ᠵᠠᠭᠤᠨ ᠤ ᠬᠠᠷᠢᠴᠠᠯ ᠢᠶᠠᠷ 8.6 ᠬᠤᠪᠢ ᠳᠠᠶᠢᠴᠢᠯᠠᠪᠠ᠂ ᠡᠭᠦᠨ ᠳᠤ ᠬᠤᠶᠠᠳᠤᠭᠠᠷ ᠠᠵᠤ ᠦᠶᠯᠡᠰ ᠤᠨ ᠪᠡᠯᠡ ᠤᠷᠤᠭᠤᠯᠤᠯᠳᠠ ᠶᠢ 2.3% ᠪᠠᠷ ᠨᠡᠮᠡᠭᠳᠡᠭᠦᠯᠵᠦ᠂ ᠭᠤᠷᠪᠠᠳᠤᠭᠠᠷ ᠠᠵᠤ ᠦᠶᠯᠡᠰ ᠤᠨ ᠪᠡᠯᠡ ᠤᠷᠤᠭᠤᠯᠤᠯᠳᠠ ᠶᠢ 91% ᠪᠠᠷ ᠨᠡᠮᠡᠭᠳᠡᠭᠦᠯᠪᠡ᠃ ᠳᠡᠭᠡᠳᠦ ᠮᠡᠷᠭᠡᠵᠢᠯ ᠤᠨ ᠠᠵᠤ ᠦᠢᠯᠡᠰ ᠤᠨ ᠪᠡᠯᠡ ᠣᠷᠣᠭᠤᠯᠤᠯᠲᠠ ᠲᠦᠷᠭᠡᠨ ᠢᠶᠠᠷ ᠨᠡᠮᠡᠭᠳᠡᠪᠡ᠃ ᠲᠦᠷᠦᠭᠦᠦ ᠭᠤᠷᠪᠠᠨ ᠤᠯᠠᠷᠢᠯ ᠳᠤ᠂ ᠳᠡᠭᠡᠳᠦ ᠮᠡᠷᠭᠡᠵᠢᠯ ᠤᠨ ᠠᠵᠤ ᠦᠶᠯᠡᠰ ᠤᠨ ᠪᠠᠯᠠ ᠣᠷᠣᠭᠤᠯᠤᠯᠲᠠ ᠡᠷᠴᠢᠮᠲᠡᠶ ᠨᠡᠮᠡᠭᠳᠡᠵᠦ᠂ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 2.9 ᠳᠠᠬᠢᠨ ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠶᠢᠨ ᠳᠣᠲᠣᠷ᠎ᠠ 12.9% ᠶᠢ ᠡᠵᠡᠯᠡᠵᠦ᠂ ᠪᠥᠬᠦ ᠪᠠᠯᠠ ᠣᠷᠣᠭᠤᠯᠤᠯᠲᠠ ᠶᠢᠨ ᠨᠡᠮᠡᠭᠳᠡᠯ ᠢ ᠵᠠᠭᠤᠨ ᠤ ᠬᠠᠷᠢᠴᠠᠯ ᠢᠶᠠᠷ     11.6 ᠬᠤᠪᠢ ᠳᠠᠶᠢᠴᠢᠯᠠᠪᠠ᠂ ᠡᠭᠦᠨ ᠳᠤ ᠳᠡᠭᠡᠳᠦ ᠮᠡᠷᠭᠡᠵᠢᠯ ᠤᠨ ᠦᠶᠯᠡᠳᠬᠦ ᠦᠶᠯᠡᠰ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 350.2 ᠳᠠᠬᠢᠨ ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠶᠢᠨ ᠨᠡᠮᠡᠭᠳᠡᠯ ᠢ ᠵᠠᠭᠤᠨ ᠤ ᠬᠠᠷᠢᠴᠠᠯ ᠢᠶᠠᠷ 8.5 ᠬᠤᠪᠢ ᠳᠠᠶᠢᠴᠢᠯᠠᠪᠠ︔ ᠳᠡᠭᠡᠳᠦ ᠮᠡᠷᠭᠡᠵᠢᠯ ᠤᠨ ᠦᠶᠯᠡᠴᠢᠯᠡᠭᠡᠨ ᠤ ᠦᠶᠯᠡᠰ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 192.7% ᠪᠠᠷ ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠶᠢᠨ ᠨᠡᠮᠡᠭᠳᠡᠯ ᠢ  ᠵᠠᠭᠤᠨ ᠤ ᠬᠠᠷᠢᠴᠠᠯ ᠢᠶᠠᠷ 3.1 ᠬᠤᠪᠢ ᠳᠠᠶᠢᠴᠢᠯᠠᠪᠠ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号