ᠲᠦᠷᠦᠭᠦᠦ ᠭᠤᠷᠪᠠᠨ ᠤᠯᠠᠷᠢᠯ ᠳᠤ ᠬᠥᠨᠳᠡᠯᠡᠨ ᠲᠣᠭᠤᠷᠢᠭ ᠤᠨ ᠬᠡᠷᠡᠭᠯᠡᠭᠡᠨ ᠤ ᠵᠠᠬ᠎ᠠ ᠳᠡᠯᠭᠡᠭᠦᠷ ᠶᠡᠷᠦᠩᠬᠡᠶ ᠳᠡᠭᠡᠨ ᠲᠣᠭᠲᠠᠭᠤᠨ ᠢᠶᠠᠷ ᠨᠡᠮᠡᠭᠳᠡᠪᠡ
ᠨᠡᠶᠢᠲᠡᠯᠡᠭᠰᠡᠨ ᠴᠠᠭ᠄
2024/10/25
     ᠲᠦᠷᠦᠭᠦᠦ ᠭᠤᠷᠪᠠᠨ ᠤᠯᠠᠷᠢᠯ ᠳᠤ᠂ ᠬᠥᠨᠳᠡᠯᠡᠨ ᠲᠣᠭᠤᠷᠢᠭ ᠤᠨ ᠨᠡᠶᠢᠭᠡᠮ ᠤᠨ ᠬᠡᠷᠡᠭᠯᠡᠭᠡᠨ ᠤ ᠵᠦᠶᠯ ᠢ ᠵᠢᠵᠢᠭᠯᠡᠨ ᠪᠣᠷᠣᠯᠠᠭᠤᠯᠤᠭᠰᠠᠨ ᠬᠡᠮᠵᠢᠶ᠎ᠡ 267.6 ᠳ᠋ᠦᠩᠰᠢᠭᠤᠷ ᠲᠥᠭᠦᠷᠢᠭ ᠲᠤ ᠬᠦᠷᠴᠦ᠂ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 4.0% ᠪᠠᠷ ᠨᠡᠮᠡᠭᠳᠡᠵᠦ᠂ ᠶᠡᠷᠦᠩᠬᠡᠶ ᠬᠡᠮᠵᠢᠶ᠎ᠡ ᠨᠢ ᠪᠥᠬᠦ ᠬᠤᠲᠠ ᠳᠤ  ᠲᠦᠷᠦᠬᠦᠯᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ ᠬᠢ ᠠᠴᠠ ᠵᠠᠭᠤᠨ ᠤ ᠬᠠᠷᠢᠴᠠᠯ ᠢᠶᠠᠷ 0.1 ᠬᠤᠪᠢ ᠥᠨᠳᠥᠷ ᠪᠠᠶᠢᠵᠤ᠂ ᠪᠥᠬᠦ ᠬᠤᠲᠠ ᠳᠤ ᠬᠤᠪᠢ ᠨᠡᠮᠡᠷᠢ ᠦᠵᠡᠭᠦᠯᠦᠭᠰᠡᠨ ᠨᠣᠷᠮ᠎ᠠ ᠨᠢ 34.4% ᠳᠤ ᠬᠦᠷᠴᠡᠶ᠃     ᠬᠢᠵᠠᠭᠠᠷᠯᠠᠬᠰᠠᠨ ᠬᠡᠮᠵᠢᠶ᠎ᠡ ᠠᠴᠠ ᠲᠡᠭᠡᠭᠰᠢᠬᠢ ᠬᠡᠷᠡᠭᠯᠡᠭᠡ ᠲᠣᠭᠲᠠᠭᠤᠨ ᠢᠶᠠᠷ ᠨᠡᠮᠡᠭᠳᠡᠬᠦ ᠪᠠᠶᠢᠳᠠᠯ ᠢᠯᠡᠷᠡᠪᠡ᠃ ᠬᠢᠵᠠᠭᠠᠷᠯᠠᠬᠰᠠᠨ ᠬᠡᠮᠵᠢᠶ᠎ᠡ ᠠᠴᠠ ᠲᠡᠭᠡᠭᠰᠢᠬᠢ ᠵᠢᠵᠢᠭᠯᠡᠨ ᠪᠤᠷᠤᠯᠠᠭᠤᠯᠤᠬᠰᠠᠨ ᠬᠡᠮᠵᠢᠶ᠎ᠡ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 4.0% ᠪᠠᠷ ᠨᠡᠮᠡᠭᠳᠡᠪᠡ᠃ ᠬᠡᠷᠡᠭᠯᠡᠭᠡᠨ ᠤ ᠬᠡᠯᠪᠡᠷᠢ ᠪᠠᠶᠢᠳᠠᠯ ᠢᠶᠠᠷ ᠲᠥᠷᠥᠯ ᠬᠤᠪᠢᠶᠠᠵᠤ ᠦᠵᠡᠪᠡᠯ᠂ ᠢᠳᠡᠭᠡᠨ ᠤᠮᠳᠠᠭᠠᠨ ᠤ ᠦᠢᠯᠡᠰ ᠤᠨ ᠣᠷᠣᠯᠭ᠎ᠠ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 7.6% ᠪᠠᠷ ᠨᠡᠮᠡᠭᠳᠡᠪᠡ︔ ᠲᠠᠸᠠᠷ ᠤᠨ ᠵᠢᠵᠢᠭᠯᠡᠨ ᠪᠣᠷᠣᠯᠠᠭᠤᠯᠤᠬᠰᠠᠨ ᠬᠡᠮᠵᠢᠶ᠎ᠡ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ   ᠬᠢ ᠠᠴᠠ 6.8% ᠪᠠᠷ ᠨᠡᠮᠡᠭᠳᠡᠪᠡ᠃     ᠰᠠᠭᠤᠷᠢ ᠠᠮᠢᠳᠤᠷᠠᠯ ᠤᠨ ᠲᠥᠷᠥᠯ ᠪᠠ ᠬᠡᠰᠡᠭ ᠳᠡᠰ ᠳᠡᠪᠰᠢᠭᠰᠡᠨ ᠲᠥᠷᠥᠯ ᠤᠨ ᠲᠠᠸᠠᠷ ᠤᠨ ᠪᠣᠷᠣᠯᠠᠭᠤᠯᠭ᠎ᠠ ᠨᠡᠯᠢᠶᠡᠳ  ᠰᠠᠶᠢᠨ ᠪᠠᠶᠢᠳᠠᠯ ᠢᠯᠡᠷᠡᠪᠡ᠃ ᠰᠠᠭᠤᠷᠢ ᠠᠮᠢᠳᠤᠷᠠᠯ ᠤᠨ ᠲᠥᠷᠥᠯ ᠲᠠᠸᠠᠷ ᠤᠨ ᠲᠤᠳᠤᠷ᠎ᠠ᠂ ᠤᠮᠳᠠᠭᠠᠨ ᠤ ᠲᠥᠷᠥᠯ᠂ ᠠᠷᠢᠬᠢ ᠲᠠᠮᠠᠬᠢᠨ ᠤ ᠲᠥᠷᠥᠯ᠂ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ ᠲᠣᠰ ᠲᠣᠰ    28.5%᠂ 14.3% ᠪᠠᠷ ᠨᠡᠮᠡᠭᠳᠡᠵᠦ᠂ ᠳᠡᠰ ᠳᠡᠪᠰᠢᠭᠰᠡᠨ ᠲᠥᠷᠥᠯ ᠤᠨ ᠲᠠᠸᠠᠷ ᠤᠨ ᠲᠤᠳᠤᠷ᠎ᠠ᠂ ᠴᠢᠮᠡᠭᠡ ᠬᠤᠯᠪᠣᠭᠠᠨ ᠤ ᠪᠠᠭᠠᠵᠢ ᠬᠡᠷᠡᠭᠰᠡᠯ ᠤᠨ ᠲᠥᠷᠥᠯ  ᠂  ᠪᠡᠶ᠎ᠡ ᠶᠢᠨ ᠲᠠᠮᠢᠷ ᠵᠤᠭ᠎ᠠ ᠴᠡᠩᠬᠡᠯ ᠤᠨ ᠬᠡᠷᠡᠭᠰᠡᠯ ᠤᠨ ᠲᠥᠷᠥᠯ ᠤᠨ ᠲᠠᠸᠠᠷ ᠢ ᠵᠢᠵᠢᠭᠯᠡᠨ ᠪᠤᠷᠤᠯᠠᠭᠤᠯᠤᠬᠰᠠᠨ ᠬᠡᠮᠵᠢᠶ᠎ᠡ ᠲᠣᠰ ᠲᠣᠰ 30.4%᠂ 13.2% ᠪᠠᠷ ᠨᠡᠮᠡᠭᠳᠡᠪᠠ᠃      ᠪᠦᠬᠡᠯᠢᠭ ᠬᠡᠷᠡᠭᠰᠡᠯ ᠢ ᠬᠠᠭᠤᠴᠢᠨ ᠢᠶᠠᠷ ᠰᠢᠨ᠎ᠡ ᠶᠢ ᠰᠤᠯᠢᠬᠤ ᠲᠦᠷᠦ ᠶᠢᠨ ᠪᠤᠳᠤᠯᠭ᠎ᠠ ᠶᠢᠨ ᠦᠢᠯᠡᠳᠦᠯ ᠲᠤᠤᠷ᠎ᠠ 9 ᠰᠠᠷ᠎ᠠ ᠳᠤ ᠭᠡᠷ ᠤᠨ ᠴᠠᠬᠢᠯᠭᠠᠨ ᠬᠡᠷᠡᠭᠰᠡᠯ ᠵᠡᠷᠭᠡ ᠦᠢᠯᠡᠳᠬᠦᠨ ᠳᠤ ᠬᠤᠯᠪᠣᠭᠳᠠᠭᠰᠠᠨ ᠵᠢᠵᠢᠭᠯᠡᠨ  ᠪᠤᠷᠤᠯᠠᠭᠤᠯᠬᠵᠤ ᠦᠢᠯᠡᠰ ᠤᠨ ᠨᠡᠮᠡᠭᠳᠡᠯ ᠨᠡᠩ ᠢᠯᠡᠷᠬᠡᠶ ᠪᠣᠯᠵᠠᠶ᠃ ᠲᠦᠷᠦᠭᠦᠦ ᠭᠤᠷᠪᠠᠨ ᠤᠯᠠᠷᠢᠯ ᠳᠤ᠂ ᠬᠢᠵᠠᠭᠠᠷᠯᠠᠭᠰᠠᠨ ᠬᠡᠮᠵᠢᠶ᠎ᠡ ᠠᠴᠠ ᠲᠡᠭᠡᠭᠰᠢᠬᠢ ᠨᠢᠬᠡᠴᠢ ᠶᠢᠨ ᠬᠡᠷ ᠤᠨ ᠴᠠᠬᠢᠯᠭᠠᠨ ᠬᠡᠷᠡᠭᠰᠡᠯ ᠪᠠ ᠲᠠᠭᠤ ᠳᠦᠷᠰᠦ ᠰᠢᠩᠭᠡᠭᠡᠯᠲᠡ ᠶᠢᠨ ᠪᠠᠭᠠᠵᠢ ᠬᠡᠷᠡᠭᠰᠡᠯ ᠤᠨ ᠲᠥᠷᠥᠯ ᠢ ᠵᠢᠵᠢᠭᠯᠡᠨ ᠪᠤᠷᠤᠯᠠᠭᠤᠯᠤᠬᠰᠠᠨ ᠬᠡᠮᠵᠢᠶ᠎ᠡ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 19.8% ᠪᠠᠷ ᠨᠡᠮᠡᠭᠳᠡᠪᠡ᠃ ᠡᠭᠦᠨ ᠳᠤ᠂ ᠡᠨᠧᠷᠭᠢ ᠶᠢᠨ ᠠᠰᠢᠭᠯᠠᠮᠵᠢ ᠶᠢᠨ ᠳᠡᠰ ᠨᠢ 1 ᠲᠠᠰ ᠪᠠ 2 ᠲᠠᠰ ᠤᠨ ᠲᠠᠸᠠᠷ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 43.6 % ᠪᠠᠷ ᠨᠡᠮᠡᠭᠳᠡᠪᠡ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号