ᠡᠨᠡ ᠤᠳᠠᠭ᠎ᠠ ᠶᠢᠨ ︽ᠠᠯᠲᠠᠨ ᠨᠠᠮᠤᠷ ᠲᠤ ᠠᠵᠢᠯ ᠤᠨ ᠪᠠᠶᠢᠷᠢ ᠬᠦᠷᠭᠡᠬᠦ︾ ᠠᠵᠢᠯᠯᠠᠭ᠎ᠠ ᠳᠤ ︽ᠠᠵᠢᠯ ︾ ᠲᠠᠨ ᠢ ᠡᠷᠢᠵᠦ ᠢᠷᠡᠯ᠎ᠡ
ᠨᠡᠶᠢᠲᠡᠯᠡᠭᠰᠡᠨ ᠴᠠᠭ᠄
2024/10/28
     ᠰᠠᠶᠢᠨ ᠰᠠᠶᠢᠬᠠᠨ ᠠᠵᠢᠯ ᠣᠯᠭᠤᠯᠲᠠ ᠶᠢᠨ ᠠᠭᠤᠷ ᠠᠮᠢᠰᠬᠤᠯ ᠢ ᠪᠣᠶ ᠪᠣᠯᠭᠠᠵᠤ᠂ ᠠᠵᠤ ᠠᠬᠤᠶᠢᠯᠠᠯ ᠢ ᠬᠠᠪᠰᠤᠷᠤᠨ ᠠᠵᠢᠯ ᠤᠨ ᠪᠠᠶᠢᠷᠢ ᠶᠢᠨ ᠬᠡᠷᠡᠭᠴᠡᠭᠡ ᠳᠤ ᠨᠡᠶᠢᠴᠡᠭᠰᠡᠨ ᠴᠢᠳᠠᠪᠤᠷᠢᠲᠠᠨ ᠢ ᠥᠨᠳᠥᠷ ᠪᠦᠲᠦᠮᠵᠢᠲᠡᠶ ᠡᠯᠰᠡᠵᠦ᠂ ᠬᠦᠮᠦᠨ ᠬᠡᠷᠡᠭᠯᠡᠬᠦ ᠬᠦᠴᠢᠷ ᠠᠰᠠᠭᠤᠳᠠᠯ ᠢ ᠰᠢᠶᠳᠪᠦᠷᠢᠯᠡᠨ᠂ ᠪᠥᠬᠦ ᠲᠤᠭᠤᠷᠢᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠬᠦᠴᠦᠨ ᠨᠡᠮᠡᠷᠢᠯᠡᠬᠦ ᠶᠢᠨ ᠲᠥᠯᠥᠭᠡ᠂ ᠣᠶᠢᠷ᠎ᠠ ᠳᠤ᠂ ᠪᠤᠭᠤᠲᠤ ᠬᠤᠲᠠ ᠶᠢᠨ ᠠᠵᠢᠯ ᠣᠯᠭᠤᠯᠲᠠ ᠶᠢᠨ ᠦᠶᠯᠡᠴᠢᠯᠡᠭᠡᠨ ᠤ ᠲᠥᠪ᠂ ᠬᠥᠨᠳᠡᠯᠡᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠭᠤᠤᠯᠯᠠᠨ ᠡᠷᠭᠢᠯᠡᠵᠦ᠂ ᠬᠥᠨᠳᠡᠯᠡᠨ ᠲᠣᠭᠤᠷᠢᠭ ᠤᠨ ᠠᠵᠢᠯ ᠣᠯᠭᠤᠯᠲᠠ ᠶᠢᠨ ᠦᠶᠯᠡᠴᠢᠯᠡᠭᠡᠨ ᠤ ᠲᠥᠪ᠂ ᠥᠪᠥᠷ ᠮᠣᠩᠭᠤᠯ ᠤᠨ ᠳ᠋ᠠ ᠴᠢᠶᠠᠨ ᠠᠵᠤ ᠠᠬᠤᠶᠢᠯᠠᠯ ᠤᠨ ᠬᠠᠮᠢᠶᠠᠷᠤᠯᠲᠠ ᠶᠢᠨ ᠦᠶᠯᠡᠴᠢᠯᠡᠭᠡᠨ ᠤ ᠬᠢᠵᠠᠭᠠᠷᠲᠤ ᠺᠣᠮᠫᠠᠨᠢ ᠠᠴᠠ ᠳᠠᠭᠠᠭᠠᠨ ᠡᠷᠭᠢᠯᠡᠭᠰᠡᠨ ︽ᠠᠯᠲᠠᠨ ᠨᠠᠮᠤᠷ ᠠᠵᠢᠯ ᠤᠨ ᠪᠠᠶᠢᠷᠢ ᠬᠦᠷᠭᠡᠵᠤ ᠠᠵᠢᠯ ᠦᠢᠯᠡᠰ ᠢᠶᠠᠷ ᠢᠷᠡᠭᠡᠳᠦᠶ ᠪᠠᠨ ᠴᠤᠬᠴᠠᠯᠠᠬᠤ︾ ᠪᠤᠭᠤᠲᠤ ᠬᠤᠲᠠ ᠶᠢᠨ 2024 ᠣᠨ ᠤ ᠠᠯᠲᠠᠨ ᠨᠠᠮᠤᠷ ᠤᠨ ᠠᠵᠢᠯᠲᠠᠨ ᠠᠵᠢᠯᠴᠢᠨ ᠡᠯᠰᠡᠬᠦ ᠰᠠᠷ᠎ᠠ ᠶᠢᠨ ᠠᠵᠢᠯᠲᠠᠨ ᠠᠵᠢᠯᠴᠢᠨ ᠡᠯᠰᠡᠬᠦ ᠴᠤᠭᠯᠠᠭᠠᠨ ᠬᠥᠨᠳᠡᠯᠡᠨ ᠲᠣᠭᠤᠷᠢᠭ ᠤᠨ ᠮᠤᠤ ᠶᠧ ᠲᠢᠶᠠᠨ ᠳ᠋ᠢ ᠳᠤ ᠠᠮᠵᠢᠯᠲᠠ ᠲᠠᠢ ᠶᠠᠪᠤᠭᠳᠠᠪᠠ᠃
    ᠲᠣᠰ ᠤᠳᠠᠭᠠᠨ ᠤ ᠠᠵᠢᠯᠲᠠᠨ ᠠᠵᠢᠯᠴᠢᠨ ᠡᠯᠰᠡᠬᠦ ᠴᠤᠭᠯᠠᠭᠠᠨ ᠨᠢ ᠰᠦᠯᠵᠢᠶᠡᠨ ᠳᠡᠭᠡᠷᠡᠬᠢ ᠪᠠ ᠠᠬᠤᠢ ᠲᠠᠯᠠᠪᠠᠢ ᠶᠢ ᠤᠶᠠᠯᠳᠤᠭᠤᠯᠤᠭᠰᠠᠨ ᠵᠠᠭᠪᠤᠷ ᠢ ᠬᠡᠷᠡᠭᠯᠡᠵᠦ᠂ ᠰᠦᠯᠵᠢᠶᠡᠨ ᠳᠡᠭᠡᠷ᠎ᠡ ︽ᠬᠥᠨᠳᠡᠯᠡᠨ ᠠᠵᠢᠯ ᠣᠯᠭᠤᠯᠲᠠ︾ ᠸᠢᠴᠠᠲ ᠨᠡᠶᠢᠲᠡ ᠶᠢᠨ ᠲᠠᠪᠴᠠᠩ ᠳᠤ ᠲᠦᠰᠢᠭᠯᠡᠨ ᠠᠵᠢᠯ ᠤᠨ ᠪᠠᠶᠢᠷᠢ ᠶᠢᠨ ᠮᠡᠳᠡᠭᠡ ᠵᠠᠩᠭᠢ ᠬᠦᠷᠭᠡᠵᠦ᠂ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠶᠢ ᠥᠷᠭᠡᠳᠬᠡᠪᠡ᠃ ᠠᠬᠤᠢ ᠲᠠᠯᠠᠪᠠᠢ ᠳᠤ ᠠᠵᠢᠯ ᠲᠥᠷᠥᠯ ᠤᠨ ᠬᠢᠨ ᠤ 46 ᠨᠠᠷᠠᠲᠤ ᠠᠵᠤ ᠠᠬᠤᠶᠢᠯᠠᠯ ᠢ ᠨᠠᠷᠢᠨ ᠨᠢᠮᠪᠠᠶ ᠵᠣᠬᠢᠶᠠᠨ ᠪᠠᠶᠢᠭᠤᠯᠵᠤ ᠠᠵᠢᠯᠯᠠᠭ᠎ᠠ ᠳᠤ ᠣᠷᠣᠯᠴᠠᠭᠤᠯᠤᠨ᠂ ᠬᠠᠮᠢᠶᠠᠷᠤᠯᠲᠠ᠂ ᠪᠣᠷᠣᠯᠠᠭᠤᠯᠭ᠎ᠠ᠂ ᠦᠶᠯᠡᠴᠢᠯᠡᠭᠡ ᠵᠡᠷᠭᠡ ᠣᠯᠠᠨ ᠬᠦᠷᠢᠶ᠎ᠡ ᠴᠠᠷᠠᠭ᠎ᠠ ᠶᠢ ᠬᠠᠮᠤᠷᠤᠭᠰᠠᠨ 136 ᠠᠵᠢᠯ ᠤᠨ ᠪᠠᠶᠢᠷᠢ ᠬᠠᠩᠭᠠᠵᠤ᠂ ᠠᠵᠢᠯ ᠤᠨ ᠪᠠᠶᠢᠷᠢ ᠶᠢᠨ ᠬᠥᠮᠦᠨ ᠬᠡᠷᠡᠭᠯᠡᠬᠦ ᠬᠡᠮᠵᠢᠶ᠎ᠡ  1600 ᠭᠠᠷᠤᠶ ᠪᠣᠯᠵᠣ᠂ ᠥᠷᠭᠡᠨ ᠣᠯᠠᠨ ᠠᠵᠢᠯ ᠡᠷᠢᠭᠰᠡᠳ ᠲᠤ ᠣᠯᠠᠨ ᠡᠰᠢᠵᠢᠭᠰᠡᠨ᠂ ᠴᠢᠨᠠᠷ ᠰᠠᠶᠢᠲᠠᠶ ᠠᠵᠢᠯ ᠤᠨ ᠪᠠᠶᠢᠷᠢ ᠰᠣᠩᠭᠤᠬᠤ ᠲᠠᠪᠴᠠᠩ ᠢ ᠪᠠᠶᠢᠭᠤᠯᠵᠤ ᠥᠭᠬᠦ ᠪᠠᠷ ᠵᠣᠷᠢᠯᠭ᠎ᠠ ᠪᠣᠯᠭᠠᠵᠠᠶ᠃
    ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠡᠯ᠎ᠡ ᠠᠵᠤ ᠠᠬᠤᠶᠢᠯᠠᠯ ᠠᠵᠢᠯᠲᠠᠨ ᠠᠵᠢᠯᠴᠢᠨ ᠡᠯᠰᠡᠬᠦ ᠠᠵᠢᠯ  ᠤᠨ ᠪᠠᠶᠢᠷᠢ ᠶᠢᠨ ᠲᠤᠬᠠᠢ ᠮᠡᠳᠡᠭᠡ ᠵᠠᠩᠭᠢ ᠶᠢᠨ ᠲᠠᠶᠢᠯᠪᠤᠷᠢᠯᠠᠭᠴᠢ ᠲᠣᠬᠢᠷᠠᠭᠤᠯᠵᠤ᠂ ᠠᠵᠢᠯ ᠡᠷᠢᠭᠰᠡᠳ ᠲᠤ ᠠᠵᠢᠯ ᠤᠨ ᠣᠷᠴᠢᠨ ᠨᠦᠬᠦᠴᠡᠯ᠂ ᠠᠵᠢᠯ ᠤᠨ ᠪᠠᠶᠢᠷᠢ ᠶᠢᠨ ᠬᠥᠯᠥᠰᠥ ᠣᠯᠭᠤᠮᠵᠢ ᠵᠢᠴᠢ ᠠᠵᠢᠯᠲᠠᠨ ᠤ ᠱᠠᠭᠠᠷᠳᠠᠯᠭ᠎ᠠ ᠵᠡᠷᠭᠡ ᠶᠢ ᠲᠠᠨᠢᠯᠴᠠᠭᠤᠯᠵᠤ᠂ ᠠᠵᠢᠯ ᠡᠷᠢᠭᠰᠡᠳ ᠲᠠᠢ ᠭᠦᠨᠵᠡᠭᠡᠶ ᠶᠠᠷᠢᠯᠴᠠᠨ ᠰᠣᠯᠢᠯᠴᠠᠵᠤ᠂ ᠠᠵᠢᠯ ᠤᠨ ᠪᠠᠶᠢᠷᠢ ᠶᠢᠨ ᠲᠤᠰᠢᠶᠠᠯ ᠬᠠᠷᠢᠭᠤᠴᠠᠯᠭ᠎ᠠ᠂ ᠠᠵᠢᠯ ᠮᠡᠷᠭᠡᠵᠢᠯ ᠤᠨ ᠬᠥᠭᠵᠢᠯᠲᠡ᠂ ᠴᠠᠯᠢᠩ ᠬᠥᠯᠥᠰᠥ ᠵᠡᠷᠭᠡ ᠵᠠᠩᠭᠢᠯᠠᠭ᠎ᠠ ᠶᠢᠨ ᠠᠰᠠᠭᠤᠳᠠᠯ ᠤᠨ ᠲᠤᠬᠠᠶ ᠰᠤᠳᠤᠯᠤᠨ ᠶᠠᠷᠢᠯᠴᠠᠪᠠ᠃ ᠲᠤᠬᠠᠢ ᠶᠢᠨ ᠲᠠᠯᠠᠪᠠᠢ ᠳᠤ ᠤᠷᠤᠯᠴᠠᠬᠰᠠᠨ ᠬᠥᠮᠦᠨ ᠤ ᠲᠤᠭ᠎ᠠ 900 ᠭᠠᠷᠤᠢ ᠪᠠᠶᠢᠵᠤ᠂ 360 ᠰᠢᠬᠠᠮ ᠬᠥᠮᠦᠨ ᠠᠵᠢᠯ ᠡᠷᠢᠬᠦ ᠰᠠᠨᠠᠮᠵᠢ ᠲᠤᠬᠢᠷᠠᠯᠴᠠᠪᠠ᠃
    ᠲᠣᠰ ᠤᠳᠠᠭᠠᠨ ᠤ ᠠᠵᠢᠯᠲᠠᠨ ᠠᠵᠢᠯᠴᠢᠨ ᠡᠯᠰᠡᠬᠦ ᠴᠤᠬᠯᠠᠭᠠᠨ ᠤ ᠲᠤᠬᠠᠶ ᠶᠢᠨ ᠲᠠᠯᠠᠪᠠᠶ ᠳᠤ ᠪᠠᠰᠠ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠲᠣᠭᠤᠷᠢᠭ ᠭᠠᠷᠭᠠᠵᠤ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠦᠴᠢᠷ ᠤᠨ ᠠᠵᠢᠯᠲᠠᠳ ᠠᠵᠢᠯ ᠣᠯᠵᠤ ᠦᠶᠯᠡᠰ   ᠪᠤᠰᠬᠠᠬᠤ᠂ ᠤᠷ᠎ᠠ ᠴᠢᠳᠠᠪᠤᠷᠢ ᠶᠢᠨ ᠪᠣᠯᠪᠠᠰᠤᠷᠠᠯ ᠵᠡᠷᠭᠡ ᠲᠠᠯ᠎ᠠ ᠶᠢᠨ ᠲᠥᠷᠥ ᠶᠢᠨ ᠪᠣᠳᠣᠯᠭ᠎ᠠ ᠶᠢᠨ  ᠯᠠᠪᠯᠠᠭ᠎ᠠ ᠳᠤ ᠬᠦᠯᠢᠴᠡᠩᠭᠦᠶ ᠪᠠᠷ ᠬᠠᠷᠢᠭᠤᠯᠲᠠ ᠥᠭᠴᠦ᠂ ᠠᠵᠢᠯ ᠡᠷᠢᠭᠰᠡᠳ ᠪᠠ ᠠᠵᠤ ᠠᠬᠤᠶᠢᠯᠠᠯ ᠳᠤ ᠴᠠᠭ ᠲᠤᠬᠠᠶ ᠳᠤᠨᠢ᠂ ᠣᠨᠣᠪᠴᠢᠲᠠᠶ ᠲᠥᠷᠥ ᠶᠢᠨ ᠪᠣᠳᠣᠯᠭ᠎ᠠ ᠶᠢᠨ ᠵᠢᠯᠣᠭᠤᠳᠣᠯᠭ᠎ᠠ ᠬᠠᠩᠭᠠᠪᠠ᠃
    ᠲᠠᠷᠠᠭᠠᠴᠢ ᠶᠢᠨ ᠠᠯᠬᠤᠮ ᠳᠤ᠂ ᠬᠥᠨᠳᠡᠯᠡᠨ ᠲᠣᠭᠤᠷᠢᠭ ᠤᠨ ᠠᠵᠢᠯ ᠣᠯᠭᠤᠯᠲᠠ ᠶᠢᠨ ᠦᠶᠯᠡᠴᠢᠯᠡᠭᠡᠨ ᠤ ᠲᠥᠪ ︽ᠨᠢᠭᠡ ᠬᠥᠯᠭᠡ ᠰᠢᠲᠠᠷ᠎ᠠ︾  ᠪᠠᠷ ᠪᠦᠬᠦᠯᠢ ᠴᠣᠭᠴᠠ ᠪᠠᠷ ᠲᠥᠯᠥᠪᠵᠢᠭᠦᠯᠬᠦ ᠶᠢ ᠪᠠᠷᠢᠮᠲᠠᠯᠠᠵᠤ᠂ ᠳᠡᠭᠡᠳᠦ ᠳᠤᠤᠷᠠᠳᠤ ᠱᠠᠲᠤ ᠬᠠᠮᠲᠤ ᠪᠠᠷ ᠬᠦᠴᠦᠯᠡᠵᠦ᠂ ᠠᠵᠢᠯ ᠤᠨ ᠠᠷᠭ᠎ᠠ ᠬᠡᠯᠪᠡᠷᠢ ᠪᠠᠨ ᠲᠠᠰᠤᠷᠠᠯᠲᠠ ᠥᠬᠡᠶ ᠰᠢᠨᠡᠴᠢᠯᠡᠵᠦ᠂ ᠨᠠᠩ ᠣᠯᠠᠨ ᠠᠵᠢᠯ ᠡᠷᠢᠭᠴᠢ ᠪᠣᠯᠤᠨ ᠬᠥᠮᠦᠨ ᠬᠡᠷᠡᠭᠯᠡᠬᠦ ᠨᠢᠭᠡᠴᠢ ᠳᠤ ᠦᠶᠯᠡᠴᠢᠯᠡᠭᠡ ᠬᠠᠩᠭᠠᠵᠤ᠂ ᠥᠨᠳᠥᠷ    ᠪᠦᠲᠦᠮᠵᠢᠲᠡᠶ᠂ ᠳᠥᠭᠦᠮ ᠲᠦᠷᠬᠡᠨ ᠬᠠᠮᠲᠤᠷᠠᠯᠴᠠᠭ᠎ᠠ ᠰᠣᠯᠢᠯᠴᠠᠭᠠᠨ ᠤ ᠦᠶᠯᠡᠴᠢᠯᠡᠭᠡᠨ ᠤ ᠲᠠᠪᠴᠠᠩ ᠢ ᠪᠠᠶᠢᠭᠤᠯᠵᠤ ᠦᠭᠬᠦᠨ᠎ᠡ᠃  ︵ᠢᠷᠡᠯᠲᠡ᠄ ︽ᠬᠥᠨᠳᠡᠯᠡᠨ ᠠᠵᠢᠯ ᠤᠯᠭᠤᠯᠳᠠ ᠲᠠᠪᠴᠠᠩ︾   ᠨᠠᠶᠢᠷᠠᠭᠤᠯᠤᠭᠴᠢ ᠼᠠᠢ ᠱᠢ    ᠾᠦᠢ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号