ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢᠨ ᠠᠮᠤᠷ ᠲᠦᠪᠰᠢᠨ ᠤ ᠬᠡᠮ ᠰᠣᠭᠤᠭ ᠤᠨ ︽ᠪᠥᠬᠦ | ᠬᠡᠯᠬᠢᠶ᠎ᠡ︾ ᠳᠤ ᠴᠡᠭᠴᠡᠯᠡᠨ ᠵᠠᠰᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠶ ᠠᠬᠢᠭᠤᠯᠵᠤ᠂ ᠴᠠᠬᠢᠯᠭᠠᠨ | ᠬᠥᠳᠡᠯᠭᠡᠭᠦᠷᠲᠦ ᠳᠤᠭᠤᠶ ᠲᠡᠷᠭᠡ ᠶᠢᠨ ᠭᠠᠯ ᠤᠨ ᠭᠠᠮᠰᠢᠭ ᠣᠯᠠᠨ ᠡᠭᠦᠰᠬᠦ ᠬᠠᠨᠳᠤᠰᠢ ᠶᠢ ᠪᠦᠲᠦᠮᠵᠢᠲᠡᠶ | ᠬᠤᠷᠢᠭᠯᠠᠬᠤ ᠶᠢᠨ ᠲᠦᠯᠦᠬᠡ᠂ ᠠᠷᠠᠳ ᠵᠡᠭᠡᠯᠢ ᠭᠤᠳᠤᠮᠵᠢ ᠬᠠᠷᠢᠶ᠎ᠠ ᠣᠷᠣᠨ ᠤ ᠪᠣᠳᠠᠲᠠᠶ ᠪᠠᠶᠢᠳᠠᠯ ᠲᠠᠢ ᠪᠠᠨ | ᠤᠶᠠᠯᠳᠤᠭᠤᠯᠤᠨ᠂ ᠲᠣᠭᠲᠠᠭᠠᠯ ᠠᠴᠠ ᠵᠥᠷᠢᠴᠡᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠵᠣᠭᠰᠣᠭᠠᠬᠤ᠂ | ᠢᠯᠠ ᠲᠠᠳᠠᠬᠰᠠᠨ ᠴᠠᠬᠢᠯᠭᠠᠨ ᠤᠲᠠᠰᠤᠨ ᠳᠤ ᠵᠠᠯᠭᠠᠵᠤ ᠴᠠᠬᠢᠯᠭᠠᠨ ᠴᠡᠨᠡᠭᠯᠡᠬᠦ ᠵᠡᠷᠭᠡ ᠬᠡᠮ ᠰᠣᠭᠤᠭ ᠤᠨ ᠠᠰᠠᠭᠤᠳᠠᠯ ᠢ | ᠲᠥᠪᠯᠡᠷᠡᠭᠦᠯᠦᠨ ᠵᠢᠭᠰᠠᠭᠠᠨ ᠪᠠᠶᠢᠴᠠᠭᠠᠵᠤ ᠵᠠᠰᠠᠪᠠ᠃ ᠨᠢᠭᠡ ᠳᠤ᠂ ᠲᠤᠤᠷᠵᠢᠯ ᠢ ᠨᠢᠭᠲᠠ ᠰᠦᠯᠵᠢᠨ ︽ | ᠨᠠᠷᠢᠯᠢᠬᠵᠢᠭᠤᠯᠵᠤ︾ ᠦᠨᠳᠦᠰᠦᠨ ᠰᠠᠭᠤᠷᠢ ᠲᠤᠭ᠎ᠠ ᠶᠢ ᠣᠶᠢᠯᠠᠭᠠᠪᠠ᠃ ᠨᠡᠶᠢᠭᠡᠮ ᠲᠣᠭᠤᠷᠢᠭ ᠢ ︽ᠪᠢᠴᠢᠯ | ᠲᠤᠤᠷᠵᠢᠯ︾ ᠢᠶᠠᠷ ᠬᠤᠪᠢᠶᠠᠷᠢᠯᠠᠵᠤ᠂ ᠭᠠᠷᠠᠭ ᠪᠦᠷᠢ ᠲᠣᠭᠲᠠᠮᠠᠯ ᠬᠤᠭᠤᠴᠠᠭ᠎ᠠ ᠲᠠᠢ ᠪᠠᠷ 2000 ᠭᠠᠷᠤᠶ ᠡᠷᠦᠬᠡ | ᠰᠠᠭᠤᠭᠠᠯᠢ ᠠᠷᠠᠳ ᠤᠨ ᠭᠡᠷ ᠪᠦᠯᠢ ᠳᠤ ᠬᠦᠷᠴᠦ ᠰᠤᠷᠪᠤᠯᠵᠢᠯᠠᠨ᠂ ᠮᠡᠳᠡᠭᠡ ᠵᠠᠩᠭᠢ ᠶᠢᠨ ᠦᠨᠳᠦᠰᠦᠨ ᠰᠠᠭᠤᠷᠢ | ᠲᠤᠭ᠎ᠠ ᠶᠢ ᠵᠢᠭᠰᠠᠭᠠᠨ ᠣᠶᠢᠯᠠᠭᠠᠬᠤ ᠠᠵᠢᠯ ᠢ ᠥᠷᠨᠢᠭᠦᠯᠵᠦ᠂ ᠬᠠᠷᠢᠶ᠎ᠠ ᠣᠷᠣᠨ ᠤ ᠳᠣᠲᠣᠷᠠᠬᠢ ᠬᠠᠮᠢᠶ᠎ᠠ ᠪᠦᠬᠦᠢ | ᠲᠡᠷᠭᠡ ᠬᠥᠰᠬᠡ ᠵᠢᠴᠢ ᠬᠥᠮᠦᠰ ᠤᠨ ᠮᠡᠳᠡᠭᠡ ᠵᠠᠩᠭᠢ ᠶᠢ ᠪᠦᠬᠦ ᠲᠠᠯ᠎ᠠ ᠪᠠᠷ ᠪᠦᠷᠢᠳᠬᠡᠪᠠ᠃ ᠣᠳᠣᠬᠠᠨ ᠪᠣᠯᠲᠠᠯ᠎ᠠ᠂ 6 | ᠨᠡᠶᠢᠭᠡᠮ ᠲᠣᠭᠤᠷᠢᠭ ᠤᠨ ᠳᠣᠲᠣᠷᠠᠬᠢ 23 ᠬᠤᠷᠢᠶᠠᠯᠠᠯ ᠤᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ | ᠲᠤᠭ᠎ᠠ 3607 ᠪᠠᠶᠢᠵᠤ᠂ ᠣᠲᠣ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠴᠠᠬᠢᠯᠭᠠᠨ ᠴᠡᠨᠡᠭᠯᠡᠬᠦ | ᠦᠵᠦᠬᠦᠷᠯᠢᠭ ᠤᠨ ᠶᠡᠷᠦᠩᠬᠡᠶ ᠲᠤᠭ᠎ᠠ 785 ᠪᠣᠯᠵᠣ᠂ ᠲᠡᠷᠭᠡᠨ ᠰᠠᠷᠠᠪᠴᠢ ᠶᠢᠨ ᠲᠤᠭ᠎ᠠ 52 ᠪᠣᠯᠵᠣ᠂ ᠨᠢᠬᠡ | ᠬᠦᠰᠦᠨᠦᠭᠲᠦ ᠪᠠᠷ ︽ᠲᠦᠮᠡᠨ ᠬᠡᠷᠡᠭ︾ ᠢ ᠤᠶᠢᠯᠠᠭᠠᠵᠤ ᠲᠡᠶᠢᠯᠬᠦ ᠶᠢ ᠪᠡᠶᠡᠯᠡᠭᠦᠯᠵᠦ᠂ ᠰᠡᠬᠦᠯᠴᠢ ᠶᠢᠨ | ᠬᠠᠮᠢᠶᠠᠷᠤᠯᠲᠠ ᠳᠤ ᠲᠥᠬᠦᠮ ᠦᠵᠡᠭᠦᠯᠪᠡ᠃ ᠬᠤᠶᠠᠷ ᠲᠤ᠂ ᠥᠨᠳᠥᠷ ᠪᠦᠲᠦᠮᠵᠢᠲᠡᠶ ᠬᠠᠮᠵᠢᠯᠴᠠᠨ ︽ᠪᠤᠳᠠᠳᠤ ᠦᠷ᠎ᠡ | ᠪᠦᠳᠦᠮᠵᠢ ᠲᠠᠢ ᠪᠠᠷ︾ ᠴᠡᠭᠴᠡᠯᠡᠨ ᠵᠠᠰᠠᠬᠤ ᠳᠤ ᠬᠦᠴᠦᠨ ᠨᠡᠮᠡᠷᠢᠯᠡᠪᠡ᠃ ᠬᠠᠮᠲᠤᠷᠠᠨ ᠪᠠᠶᠢᠴᠠᠭᠠᠬᠤ ᠠᠵᠢᠯ ᠲᠤᠮᠳᠠ | ᠬᠠᠷᠢᠶ᠎ᠠ ᠣᠷᠣᠨ ᠤ ᠳᠣᠲᠣᠷ᠎ᠠ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠢᠯᠡ ᠲᠠᠳᠠᠬᠰᠠᠨ ᠴᠠᠬᠢᠯᠭᠠᠨ | ᠤᠲᠠᠰᠤ ᠪᠠᠷ ᠴᠠᠬᠢᠯᠭᠠᠨ ᠴᠡᠨᠡᠭᠯᠡᠬᠦ᠂ ᠲᠣᠭᠲᠠᠭᠠᠯ ᠠᠴᠠ ᠵᠥᠷᠢᠴᠡᠨ ᠵᠤᠬᠰᠤᠭᠠᠬᠤ᠂ ᠠᠮᠤᠷ ᠲᠦᠪᠰᠢᠨ ᠤ ᠬᠡᠮ | ᠰᠤᠭᠤᠭ ᠣᠷᠣᠰᠢᠵᠤ ᠪᠠᠶᠢᠬᠤ ᠶᠢ ᠢᠯᠡᠷᠡᠬᠦᠯᠪᠡ᠃ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠭᠠᠯ ᠢ | ᠰᠡᠷᠬᠡᠶᠢᠯᠡᠵᠤ ᠭᠠᠯ ᠤᠨᠲᠠᠷᠠᠭᠠᠬᠤ᠂ ᠠᠳᠠᠯ ᠠᠬᠤᠶ ᠶᠢᠨ ᠬᠠᠮᠢᠶᠠᠷᠤᠯᠳᠠ ᠶᠢᠨ ᠠᠵᠤ ᠠᠬᠤᠶᠢᠯᠠᠯ ᠵᠡᠷᠭᠡ ᠰᠠᠯᠠᠭ᠎ᠠ | ᠮᠥᠴᠢᠷ ᠢ ᠶᠢᠨ ᠵᠣᠬᠢᠶᠠᠨ ᠪᠠᠶᠢᠭᠤᠯᠵᠤ ᠣᠯᠠᠨ ᠲᠠᠯ᠎ᠠ ᠪᠠᠷ ᠬᠤᠯᠪᠣᠭᠠᠯᠠᠨ ᠬᠥᠳᠡᠯᠦᠯᠴᠡᠵᠦ᠂ ᠴᠠᠭ ᠲᠤᠬᠠᠶ ᠳᠤᠨᠢ | ᠴᠡᠭᠴᠡᠯᠡᠨ ᠰᠠᠶᠢᠵᠢᠷᠠᠭᠤᠯᠵᠤ᠂ ᠭᠤᠤᠯᠳᠠᠯᠭ᠎ᠠ ᠲᠠᠢ ᠣᠷᠣᠨ ᠪᠦᠰᠡ᠂ ᠲᠠᠯᠠᠪᠤᠷ ᠭᠠᠵᠠᠷ ᠲᠤ ᠴᠢᠭᠯᠡᠭᠦᠯᠦᠨ᠂ | ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠪᠣᠷᠣᠯᠠᠭᠤᠯᠬᠤ᠂ ᠬᠡᠷᠡᠭᠯᠡᠬᠦ᠂ ᠵᠣᠭᠰᠣᠭᠠᠬᠤ ᠲᠠᠯ᠎ᠠ ᠶᠢᠨ ᠲᠣᠪᠤᠶᠢᠮ᠎ᠠ | ᠠᠰᠠᠭᠤᠳᠠᠯ ᠢ ᠴᠡᠭᠴᠡᠯᠡᠨ ᠵᠠᠰᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠪᠠ᠃ | ᠡᠨᠡ ᠵᠢᠯ ᠠᠴᠠ ᠨᠠᠭᠠᠰᠢ᠂ ᠣᠯᠠᠨ ᠰᠠᠯᠠᠭ᠎ᠠ ᠮᠥᠴᠢᠷ ᠬᠠᠮᠲᠤᠷᠠᠨ ᠴᠠᠬᠢᠯᠭᠠᠨ ᠬᠥᠳᠡᠯᠭᠡᠭᠦᠷᠲᠦ ᠳᠤᠭᠤᠶ | ᠲᠡᠷᠭᠡᠨ ᠤ ᠠᠮᠤᠷ ᠲᠦᠪᠰᠢᠨ ᠤ ᠬᠡᠮ ᠰᠤᠭᠤᠭ ᠢ 20 ᠭᠠᠷᠤᠶ ᠤᠳᠠᠭ᠎ᠠ ᠪᠠᠶᠢᠴᠠᠭᠠᠵᠤ᠂ ᠨᠡᠶᠢᠲᠡ 60 ᠭᠠᠷᠤᠶ ᠬᠡᠮ | ᠰᠤᠭᠤᠭ ᠢ ᠴᠡᠭᠴᠡᠯᠡᠨ ᠵᠠᠰᠠᠵᠤ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠲᠥᠪᠯᠡᠷᠡᠭᠦᠯᠦᠨ ᠴᠠᠬᠢᠯᠭᠠᠨ | ᠴᠡᠨᠡᠭᠯᠡᠬᠦ ᠲᠡᠷᠭᠡᠨ ᠰᠠᠷᠠᠪᠴᠢ ᠪᠠᠶᠢᠭᠤᠯᠬᠤ ᠶᠢ ᠠᠬᠢᠭᠤᠯᠵᠤ᠂ ᠨᠡᠶᠢᠲᠡ 10 ᠲᠡᠷᠭᠡᠨ ᠰᠠᠷᠠᠪᠴᠢ ᠶᠢ ᠰᠢᠨ᠎ᠡ ᠪᠠᠷ | ᠪᠠᠶᠢᠭᠤᠯᠤᠨ᠂ 148 ᠴᠠᠬᠢᠯᠭᠠᠨ ᠴᠡᠨᠡᠭᠯᠡᠬᠦ ᠱᠣᠩ ᠲᠣᠬᠢᠷᠠᠭᠤᠯᠵᠠᠶ᠃ ᠭᠤᠷᠪᠠ ᠳᠤ᠂ ᠣᠯᠠᠨ ᠴᠡᠭ ᠠᠴᠠ | ᠬᠦᠴᠦᠯᠡᠵᠦ ︽ᠣᠯᠠᠨ ᠶᠠᠩᠵᠤ ᠶᠢᠨ︾ ᠤᠬᠠᠭᠤᠯᠭ᠎ᠠ ᠬᠥᠮᠦᠵᠢᠯ ᠢ ᠦᠷᠨᠢᠬᠦᠯᠪᠡ᠃ ︽ᠰᠦᠯᠵᠢᠶᠡᠨ ᠳᠡᠭᠡᠷ᠎ᠡ + | ᠠᠬᠤᠢ ᠲᠠᠯᠠᠪᠠᠢ︾ ᠶᠢᠨ ᠤᠬᠠᠭᠤᠯᠭ᠎ᠠ ᠶᠢᠨ ᠵᠠᠭᠪᠤᠷ ᠢᠶᠠᠷ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢᠨ ᠭᠠᠯ ᠢ | ᠰᠡᠷᠬᠡᠶᠢᠯᠡᠬᠦ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠤᠨ ᠦᠷ᠎ᠡ ᠪᠦᠲᠦᠮᠵᠢ ᠶᠢ ᠲᠡᠭᠡᠭᠰᠢᠯᠡᠬᠦᠯᠪᠡ᠃ ᠨᠡᠶᠢᠭᠡᠮ | ᠲᠣᠭᠤᠷᠢᠭ ᠤᠨ ᠠᠵᠢᠯᠲᠠᠨ ᠣᠷᠣᠨ ᠰᠠᠭᠤᠴᠠ ᠶᠢᠨ ᠬᠤᠷᠢᠶᠠᠯᠠᠯ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ | ᠬᠤᠳᠠᠯᠳᠤᠬᠤ ᠴᠡᠭ ᠲᠤ ᠭᠦᠨᠵᠡᠭᠡᠶᠢᠷᠡᠵᠦ᠂ 1000 ᠭᠠᠷᠤᠶ ᠬᠤᠪᠢ ᠤᠬᠠᠭᠤᠯᠭ᠎ᠠ ᠶᠢᠨ ᠵᠡᠷ ᠮᠡᠳᠡᠭᠡ ᠲᠠᠷᠬᠠᠭᠠᠪᠠ᠃ | ᠨᠡᠶᠢᠭᠡᠮ ᠤᠨ ᠨᠢᠭᠡᠴᠢ᠂ ᠠᠳᠠᠯ ᠠᠬᠤᠶ ᠶᠢᠨ ᠦᠶᠯᠡᠴᠢᠯᠡᠭᠡᠨ ᠤ ᠠᠵᠤ ᠠᠬᠤᠶᠢᠯᠠᠯ ᠢ ᠵᠣᠬᠢᠶᠠᠨ ᠪᠠᠶᠢᠭᠤᠯᠤᠨ LED | ᠳᠡᠯᠭᠡᠴᠡ᠂ ᠲᠧᠯᠸᠢᠰ ᠤᠨ ᠳᠡᠯᠭᠡᠴᠡ᠂ ᠷᠠᠳᠢᠣ᠋ ᠨᠡᠪᠳᠡᠷᠡᠬᠦᠯᠬᠡ ᠵᠡᠷᠭᠡ ᠶᠢ ᠠᠰᠢᠭᠯᠠᠨ ᠭᠠᠯ ᠢ ᠰᠡᠷᠬᠡᠶᠢᠯᠡᠬᠦ ᠠᠮᠤᠷ | ᠲᠦᠪᠰᠢᠨ ᠤ ᠰᠠᠨᠠᠭᠤᠯᠤᠮᠵᠢ ᠶᠢ ᠲᠠᠰᠤᠷᠠᠯᠲᠠ ᠥᠬᠡᠶ ᠨᠡᠪᠲᠡᠷᠡᠭᠦᠯᠵᠦ᠂ ᠵᠢᠭᠰᠠᠭᠠᠯ ᠤᠨ ᠭᠠᠵᠠᠷ ᠲᠠᠬᠢ | ᠤᠬᠠᠭᠤᠯᠭ᠎ᠠ ᠶᠢ ᠣᠯᠠᠨ ᠲᠠᠯ᠎ᠠ ᠪᠠᠷ ᠵᠡᠷᠭᠡᠪᠡᠷ ᠬᠦᠴᠦᠯᠡᠨ ᠭᠦᠨᠵᠡᠭᠡᠶᠢᠷᠡᠭᠦᠯᠵᠦ᠂ ᠣᠯᠠᠨ ᠲᠦᠮᠡᠨ ᠤ ᠭᠠᠯ ᠢ | ᠰᠡᠷᠬᠡᠶᠢᠯᠡᠬᠦ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠪᠡ᠃ ︵ᠲᠤᠰ ᠰᠡᠳᠬᠦᠯ︶ |