ᠵᠡᠭᠡᠯᠢ ᠭᠤᠳᠤᠮᠵᠢ ᠶᠢᠨ ᠬᠢᠨ ᠨᠠᠰᠤᠲᠠᠶᠢᠴᠤᠳ ᠤᠨ ᠣᠯᠠᠨ ᠡᠰᠢᠵᠢᠭᠰᠡᠨ ᠦᠶᠯᠡᠴᠢᠯᠡᠭᠡᠨ ᠤ ᠬᠡᠷᠡᠭᠴᠡᠭᠡ ᠶᠢᠨ | ᠲᠣᠭᠤᠷᠢᠨ ᠳᠤ᠂ ᠨᠡᠶᠢᠭᠡᠮ ᠲᠣᠭᠤᠷᠢᠭ ᠤᠨ ᠶᠡᠷᠦᠩᠬᠡᠶᠢᠯᠡᠭᠰᠡᠨ ᠴᠢᠨᠠᠷᠲᠠᠶ ᠦᠶᠯᠡᠴᠢᠯᠡᠭᠡᠨ ᠤ ᠪᠠᠶᠢᠳᠠᠯ ᠢ ᠪᠣᠶ | ᠪᠣᠯᠭᠠᠪᠠ᠃ ᠨᠢᠭᠡ ᠳᠤ᠂ ᠡᠮᠴᠢᠯᠡᠭᠡ ᠡᠷᠡᠭᠦᠯᠵᠢᠯ ᠢ ᠨᠢᠭᠡ ᠴᠤᠭᠴᠠᠵᠢᠭᠤᠯᠤᠨ ᠠᠭᠤᠰᠤᠯᠴᠠᠭᠤᠯᠤᠨ ᠬᠥᠭᠵᠢᠭᠦᠯᠪᠠ᠃ | ᠵᠢᠶᠠᠩᠰᠦ ᠶᠢᠨ ᠶᠤᠸᠠᠢ ᠰᠢᠨ ᠨᠠᠰᠤᠵᠢᠯ ᠤᠨ ᠠᠰᠠᠷᠠᠮᠵᠢ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ | ᠦᠶᠯᠡᠴᠢᠯᠡᠭᠡᠨ ᠤ ᠬᠦᠷᠢᠶᠡᠯᠡᠩ ᠵᠡᠷᠭᠡ ᠠᠵᠤ ᠠᠬᠤᠶᠢᠯᠠᠯ ᠪᠠ ᠨᠡᠶᠢᠭᠡᠮ ᠤᠨ ᠬᠦᠴᠦᠨ ᠢ ᠬᠥᠲᠥᠯᠥᠨ ᠵᠢᠯᠣᠭᠤᠳᠴᠤ | ᠢᠳᠡᠪᠬᠢᠲᠡᠶ ᠣᠷᠣᠯᠴᠠᠭᠤᠯᠤᠨ᠂ ᠪᠣᠯᠵᠣᠨ ᠡᠮᠨᠡᠭᠦᠯᠬᠦ ᠪᠠ ᠨᠠᠰᠤᠲᠠᠶᠢᠴᠤᠳ ᠤᠨ ᠹᠢᠽᠢᠺ ᠵᠠᠰᠠᠯ ᠢᠶᠠᠷ ᠡᠷᠡᠭᠦᠯᠵᠢᠬᠦ | ᠬᠤᠤᠰ ᠴᠢᠭᠯᠡᠯ ᠢᠶᠠᠷ ᠬᠠᠷᠢᠯᠴᠠᠨ ᠨᠡᠪᠲᠡᠷᠡᠬᠦ ᠵᠠᠮ ᠢ ᠪᠠᠶᠢᠭᠤᠯᠵᠤ᠂ ︽ᠬᠠᠮᠲᠤ ᠪᠠᠷ ᠡᠳ᠋ᠯᠡᠬᠦ︾ ᠪᠠᠷ ᠵᠠᠭᠤᠴᠢᠯᠠᠭᠤᠷ | ᠪᠣᠯᠭᠠᠨ ᠡᠳᠦᠷ ᠲᠤᠲᠤᠮ ᠤᠨ ᠬᠠᠷᠠᠭᠠᠯᠵᠠᠨ ᠠᠰᠠᠷᠠᠬᠤ᠂ ᠬᠤᠭᠤᠯᠠ ᠤᠮᠳᠠ ᠤᠬᠢᠶᠠᠯᠭ᠎ᠠ ᠵᠡᠷᠭᠡ ᠦᠶᠯᠡᠴᠢᠯᠡᠭᠡ ᠶᠢ | ᠰᠢᠯᠢᠳᠡᠭᠵᠢᠭᠦᠯᠦᠨ ᠲᠠᠰ ᠳᠡᠪᠰᠢᠭᠦᠯᠵᠦ᠂ ᠨᠡᠶᠢᠲᠡ 1000 ᠭᠠᠷᠤᠶ ᠬᠥᠮᠦᠨ ᠤᠳᠠᠭ᠎ᠠ ᠳᠤ ᠠᠰᠢᠭ ᠬᠦᠷᠲᠡᠭᠡᠪᠡ᠃ | ᠬᠤᠶᠠᠷ ᠲᠤ᠂ ︽ᠭᠤᠷᠪᠠᠨ ᠲᠣᠭᠤᠷᠢᠭ ᠨᠢᠭᠡ ᠥᠷᠲᠡᠭᠡ︾ ᠶᠢᠨ ᠨᠠᠰᠤᠵᠢᠯ ᠤᠨ ᠠᠰᠠᠷᠠᠮᠵᠢ ᠶᠢᠨ ᠦᠶᠯᠡᠴᠢᠯᠡᠭᠡᠨ ᠤ | ᠪᠦᠲᠦᠴᠡ ᠶᠢ ᠰᠢᠨ᠎ᠡ ᠶᠢ ᠡᠭᠦᠳᠦᠨ ᠪᠠᠶᠢᠭᠤᠯᠪᠠ᠃ ᠬᠠᠶᠢᠷ᠎ᠠ ᠬᠠᠯᠠᠮᠵᠢ ᠶᠢᠨ ᠦᠰᠦ ᠵᠠᠰᠠᠬᠤ ᠥᠷᠥᠭᠡ᠂ ᠠᠷᠠᠳ ᠲᠤ | ᠲᠥᠬᠦᠮ ᠦᠵᠡᠭᠦᠯᠬᠦ ᠣᠶᠣᠳᠠᠯᠴᠢᠨ ᠤ ᠥᠷᠥᠭᠡ᠂ ᠥᠲᠡᠭᠦᠰ ᠨᠢᠯᠬᠠᠰ ᠤᠨ ᠬᠠᠶᠢᠷ᠎ᠠ ᠬᠠᠯᠠᠮᠵᠢ ᠶᠢᠨ ᠬᠤᠭᠤᠯᠠᠨ | ᠬᠡᠷ ᠢ ᠪᠠᠶᠢᠭᠤᠯᠵᠤ᠂ ᠠᠷᠠᠳ ᠲᠤ ᠲᠥᠬᠦᠮ ᠦᠵᠡᠭᠦᠯᠬᠦ ᠢᠳᠡᠰᠢᠨ ᠨᠣᠭᠤᠭ᠎ᠠ ᠶᠢᠨ ᠵᠠᠬ᠎ᠠ ᠳᠡᠯᠭᠡᠭᠦᠷ ᠢ ᠨᠡᠶᠢᠭᠡᠮ | ᠲᠣᠭᠤᠷᠢᠭ ᠲᠤ ᠨᠡᠭᠦᠯᠭᠡᠨ ᠣᠷᠣᠭᠤᠯᠵᠤ᠂ ᠰᠠᠭᠰᠤᠨ ᠪᠥᠮᠪᠦᠭᠡ ᠶᠢᠨ ᠲᠠᠯᠠᠪᠤᠷ᠂ ᠬᠥᠯ ᠪᠥᠮᠪᠦᠭᠡ ᠶᠢᠨ ᠲᠠᠯᠠᠪᠤᠷ ᠢ | ᠰᠢᠨ᠎ᠡ ᠪᠠᠷ ᠪᠠᠶᠢᠭᠤᠯᠵᠤ᠂ ᠫᠢᠩᠫᠠᠩ ᠪᠥᠮᠪᠦᠭᠡ ᠶᠢᠨ ᠲᠠᠯᠠᠪᠤᠷ᠂ ᠲᠤᠤᠷ ᠪᠥᠮᠪᠦᠭᠡ ᠶᠢᠨ ᠲᠠᠯᠠᠪᠤᠷ ᠵᠡᠷᠭᠡ | ᠠᠵᠢᠯᠯᠠᠭᠠᠨ ᠤ ᠲᠠᠯᠠᠪᠤᠷ ᠢ ᠲᠠᠰ ᠳᠡᠪᠰᠢᠭᠦᠯᠦᠨ ᠲᠡᠭᠦᠯᠳᠡᠷᠵᠢᠭᠦᠯᠵᠦ᠂ ᠲᠣᠭᠤᠷᠢᠭ ᠲᠤ ᠰᠠᠭᠤᠭ᠎ᠠ 6000 ᠭᠠᠷᠤᠶ | ᠨᠠᠰᠤᠲᠠᠨ ᠳᠤ ︽ᠳᠡᠭᠡᠳᠦ ᠲᠠᠰ ᠤᠨ ᠢᠵᠢ ᠪᠦᠷᠢᠳᠦᠬᠦᠯᠦᠭᠰᠡᠨ︾ ᠦᠶᠯᠡᠴᠢᠯᠡᠭᠡ ᠬᠦᠷᠲᠡᠭᠡᠪᠡ᠃ ᠭᠤᠷᠪᠠ ᠳᠤ᠂ ︽ | ᠨᠠᠰᠤᠵᠢᠯᠳᠠ ᠳᠤ ᠳᠣᠭᠢᠷᠠᠬᠰᠠᠨ︾ ᠠᠵᠢᠯ ᠤᠨ ᠲᠣᠭᠲᠠᠴᠠ ᠶᠢ ᠪᠦᠷᠢᠨᠰᠢᠭᠦᠯᠪᠡ᠃ ᠬᠡᠷ ᠲᠡᠭᠡᠨ ᠰᠠᠭᠤᠵᠤ ᠠᠰᠠᠷᠠᠮᠵᠢ | ᠬᠦᠷᠳᠡᠬᠦ ᠦᠶᠯᠡᠴᠢᠯᠡᠭᠡᠨ ᠤ ᠥᠷᠲᠡᠭᠡ ᠶᠢ 5 ᠪᠠᠶᠢᠭᠤᠯᠵᠤ᠂ ᠬᠠᠷᠢᠶ᠎ᠠ ᠣᠷᠣᠨ ᠤ 41 ᠨᠠᠰᠤᠲᠠᠨ ᠳᠤ ᠣᠶᠤᠨᠴᠢ | ᠪᠠᠷ᠎ᠠ ᠪᠣᠯᠵᠣ ᠰᠤᠪᠢᠯᠠᠬᠤ ᠰᠢᠰᠲ᠋ᠧᠮ ᠢ ᠤᠭᠰᠠᠷᠠᠵᠤ᠂ 11 ᠨᠠᠰᠤᠲᠠᠨ ᠤ ᠬᠡᠷ ᠲᠤ ᠨᠠᠰᠤᠵᠢᠯᠳᠠ ᠳᠤ ᠳᠣᠭᠢᠷᠠᠬᠤ | ᠪᠤᠯᠭᠠᠨ ᠥᠭᠡᠷᠡᠴᠢᠯᠡᠯᠲᠡ ᠬᠢᠵᠦ ᠦᠭᠴᠦ᠂ ᠲᠠᠭᠠᠯᠠᠮᠵᠢᠲᠠᠶ ᠠᠮᠢᠳᠤᠷᠠᠯ ᠤᠨ ᠣᠷᠴᠢᠨ ᠨᠥᠬᠦᠴᠡᠯ ᠢ ᠡᠭᠦᠳᠴᠦ | ᠥᠭᠪᠡ᠃ ︵ᠬᠦᠨᠳᠡᠯᠡᠨ ᠦᠢᠯᠡᠳᠪᠦᠷᠢᠴᠢᠨ ᠤ ᠵᠠᠮ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ |