ᠬᠥᠨᠳᠡᠯᠡᠨ ᠲᠣᠭᠤᠷᠢᠭ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠡᠬᠢᠵᠤ ᠪᠤᠢ
ᠨᠡᠶᠢᠲᠡᠯᠡᠭᠰᠡᠨ ᠴᠠᠭ᠄
2024/11/1
     ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠴᠢᠬᠤᠯᠠ ᠠᠵᠢᠯ ᠲᠥᠷᠥᠯ᠂ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠣᠷᠴᠢᠨ ᠲᠣᠭᠤᠷᠢᠨ ᠤ ᠠᠮᠤᠷ ᠲᠦᠪᠰᠢᠨ ᠤ ᠪᠠᠶᠢᠴᠠᠭᠠᠯᠲᠠ ᠪᠠ ᠵᠢᠯᠣᠭᠤᠳᠬᠤ ᠡᠷᠴᠢᠮ ᠢᠶᠠᠨ ᠴᠢᠩᠭᠠᠷᠠᠭᠤᠯᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠪᠥᠬᠦ ᠲᠤᠭᠤᠷᠢᠭ ᠤᠨ ᠠᠶᠤᠯᠬᠦᠢ ᠦᠶᠯᠡᠳᠪᠦᠷᠢᠯᠡᠯ ᠤᠨ ᠡᠯ᠎ᠡ ᠵᠦᠶᠯ ᠤᠨ ᠠᠵᠢᠯ ᠢ ᠨᠠᠶᠢᠳᠠᠪᠤᠷᠢᠵᠢᠭᠤᠯᠪᠠ᠃ ᠣᠳᠣᠬᠠᠨ ᠪᠣᠯᠲᠠᠯ᠎ᠠ᠂ ᠠᠶᠤᠯᠭᠦᠶ ᠦᠶᠯᠡᠳᠪᠦᠷᠢᠯᠡᠯ ᠤᠨ ᠪᠠᠶᠢᠴᠠᠭᠠᠯᠲᠠ ᠶᠢ ᠨᠡᠶᠢᠲᠡ 219 ᠤᠳᠠᠭ᠎ᠠ ᠥᠷᠨᠢᠭᠦᠯᠵᠦ᠂ ᠬᠠᠤᠯᠢ ᠬᠡᠷᠡᠭᠵᠢᠭᠦᠯᠬᠦ ᠠᠵᠢᠯᠲᠠᠨ ᠢ 945 ᠬᠥᠮᠦᠨ ᠤᠳᠠᠭ᠎ᠠ ᠬᠥᠳᠡᠯᠭᠡᠵᠦ᠂ 315 ᠠᠵᠤ ᠠᠬᠤᠶᠢᠯᠠᠯ ᠢ ᠪᠠᠶᠢᠴᠠᠭᠠᠵᠤ᠂ ᠠᠮᠢ ᠠᠬᠤᠶ ᠣᠷᠴᠢᠨ ᠲᠣᠭᠤᠷᠢᠨ ᠤ ᠬᠦᠷᠢᠶᠡᠨ ᠳᠠᠬᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠬᠦᠭᠡᠷᠦᠮᠵᠢ ᠶᠢᠨ ᠡᠵᠡᠩᠨᠡᠯᠲᠡ ᠶᠢᠨ 39 ᠠᠵᠤ ᠠᠬᠤᠶᠢᠯᠠᠯ ᠤᠨ 447 ᠢᠵᠢ ᠲᠤᠨᠤᠭ ᠲᠦᠬᠦᠬᠡᠷᠦᠮᠵᠢ ᠶᠢ ᠪᠠᠶᠢᠴᠠᠭᠠᠨ ᠡᠮᠬᠢᠯᠡᠵᠦ᠂ ᠠᠵᠤ ᠠᠬᠤᠶᠢᠯᠠᠯ ᠤᠨ ᠠᠮᠢ ᠠᠬᠤᠶ ᠣᠷᠴᠢᠨ ᠲᠣᠭᠤᠷᠢᠨ ᠤ ᠬᠦᠷᠢᠶᠡᠨ ᠳᠠᠬᠢ ᠠᠶᠤᠯᠭᠦᠶ ᠦᠶᠯᠡᠳᠪᠦᠷᠢᠯᠡᠯ ᠤᠨ ᠬᠡᠮ ᠰᠣᠭᠤᠭ ᠤᠨ 193 ᠠᠰᠠᠭᠤᠳᠠᠯ ᠢ  ᠢᠯᠡᠷᠡᠭᠦᠯᠵᠦ᠂ ᠨᠢᠭᠡᠨᠲᠡ ᠪᠦᠬᠦᠨ ᠢ ᠴᠡᠭᠴᠡᠯᠡᠨ ᠰᠠᠶᠢᠵᠢᠷᠠᠭᠤᠯᠵᠤ ᠳᠠᠭᠤᠰᠬᠠᠪᠠ᠃ ︵ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号