ᠬᠥᠨᠳᠡᠯᠡᠨ ᠲᠣᠭᠤᠷᠢᠭ ᠠᠷᠠᠳ ᠤᠨ ᠠᠮᠢᠳᠤᠷᠠᠯ ᠤᠨ ᠠᠵᠤ ᠠᠬᠤᠢ ᠶᠢᠨ ᠴᠢᠳᠠᠪᠤᠷᠢᠲᠠᠨ ᠤ ᠰᠣᠷᠢᠨᠵᠢᠨ ᠲᠠᠯᠠᠪᠠᠢ ᠶᠢ ᠪᠦᠬᠦ ᠬᠦᠴᠦᠨ ᠢᠶᠠᠷ ᠢᠶᠠᠨ ᠴᠣᠭᠴᠠᠯᠠᠵᠤ ᠪᠤᠢ
ᠨᠡᠶᠢᠲᠡᠯᠡᠭᠰᠡᠨ ᠴᠠᠭ᠄
2024/11/1
     ᠤᠶᠢᠷ᠎ᠠ ᠶᠢᠨ ᠵᠢᠯ ᠠᠴᠠ᠂ ᠬᠥᠨᠳᠡᠯᠡᠨ ᠲᠣᠭᠤᠷᠢᠭ ᠠᠵᠢᠯ ᠣᠯᠭᠤᠯᠲᠠ ᠶᠢᠨ ᠦᠢᠯᠡᠴᠢᠯᠡᠭᠡ ᠶᠢ ᠦᠷᠭᠦᠯᠵᠢᠯᠡᠨ ᠰᠢᠯᠢᠳᠡᠭᠵᠢᠭᠦᠯᠵᠦ᠂ ᠠᠵᠢᠯ ᠣᠯᠬᠤ ᠦᠢᠯᠡᠰ ᠪᠤᠰᠬᠠᠬᠤ ᠶᠢ ᠲᠡᠳᠬᠦᠵᠦ᠂ ᠤᠷ᠎ᠠ ᠴᠢᠳᠠᠪᠤᠷᠢ ᠶᠢᠨ ᠪᠣᠯᠪᠠᠰᠤᠷᠠᠯ ᠢ ᠴᠢᠩᠭᠠᠳᠬᠠᠵᠤ᠂ ᠠᠷᠭ᠎ᠠ ᠪᠦᠬᠦᠨ ᠢ ᠰᠦᠪᠡᠭᠴᠢᠯᠡᠵᠦ ᠮᠠᠯᠴᠢᠨ ᠲᠠᠷᠢᠶᠠᠴᠢᠨ ᠵᠡᠷᠭᠡ ᠭᠤᠣᠯᠳᠠᠯᠭ᠎ᠠ ᠲᠠᠢ ᠬᠥᠮᠦᠰ ᠤᠨ ᠲᠤᠬᠠᠢ ᠶᠢᠨ ᠭᠠᠵᠠᠷ ᠲᠠᠭᠠᠨ ᠤᠶᠢᠷ᠎ᠠ ᠬᠠᠪᠢ ᠳᠠᠭᠠᠨ ᠠᠵᠢᠯ ᠣᠯᠵᠤ ᠦᠢᠯᠡᠰ ᠪᠤᠰᠬᠠᠬᠤ ᠶᠢ ᠠᠬᠢᠭᠤᠯᠪᠠ᠃ ᠨᠢᠭᠡ ᠳᠤ᠂ ᠴᠢᠳᠡᠪᠦᠷᠢᠳᠠᠨ ᠢ ︽ᠣᠷᠣᠭᠤᠯᠬᠤ︾ ᠪᠠᠷ ᠰᠠᠭᠤᠷᠢ ᠪᠣᠯᠭᠠᠵᠤ᠂ ᠣᠷᠣᠭᠤᠯᠤᠨ ᠠᠪᠴᠢᠷᠠᠬᠤ    ᠬᠡᠪᠴᠢᠶ᠎ᠡ ᠶᠢ ᠥᠷᠭᠡᠳᠬᠡᠪᠠ᠃ ᠤᠯᠠᠨ ᠲᠦᠮᠡᠨ ᠢ ︽ᠭᠡᠷ ᠤᠨ ᠡᠭᠦᠳᠡᠨ ᠳᠡᠭᠡᠨ︾ ᠲᠣᠭᠲᠠᠭᠤᠨ ᠢᠶᠠᠷ ᠠᠵᠢᠯ     ᠣᠯᠬᠤ ᠶᠢ ᠪᠡᠶᠡᠯᠡᠬᠦᠯᠬᠦ ᠶᠢᠨ ᠲᠥᠯᠥᠭᠡ᠂ ᠬᠥᠨᠳᠡᠯᠡᠨ ᠲᠣᠭᠤᠷᠢᠭ ᠪᠦᠬᠦ ᠲᠤᠭᠤᠷᠢᠭ ᠢ ᠪᠦᠷᠬᠦᠬᠦᠯᠦᠭᠰᠡᠨ᠂ ᠡᠷᠬᠢᠨ ᠲᠣᠭᠤᠷᠢᠨ ᠢ ᠲᠠᠶᠢᠴᠢᠯᠡᠨ ᠨᠥᠯᠥᠭᠡᠯᠡᠭᠰᠡᠨ᠂ ᠳᠥᠭᠦᠮ ᠲᠦᠷᠬᠡᠨ ᠥᠨᠳᠥᠷ ᠪᠦᠲᠦᠮᠵᠢᠲᠡᠢ ᠤᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠬᠤ ᠪᠠᠷ ᠭᠠᠷᠳᠠᠬᠤ ᠴᠡᠭ ᠪᠣᠯᠭᠠᠵᠤ᠂ ︽ᠤᠷᠢᠬᠠᠨ ᠰᠠᠯᠬᠢᠨ ᠤ ᠠᠵᠢᠯᠯᠠᠭ᠎ᠠ︾᠂ ︽ᠵᠠᠭᠤᠨ ᠡᠳᠦᠷ ᠲᠤ ᠮᠢᠩᠭᠠᠨ ᠲᠦᠮᠡᠨ ᠠᠵᠢᠯᠳᠠᠨ ᠠᠵᠢᠯᠴᠢᠨ ᠡᠯᠰᠡᠬᠦ︾ ᠵᠡᠷᠭᠡ ᠲᠤᠰᠬᠠᠢ ᠠᠵᠢᠯᠯᠠᠭ᠎ᠠ ᠳᠤ ᠲᠦᠰᠢᠭᠯᠡᠨ᠂ ︽ᠰᠦᠯᠵᠢᠶᠡᠨ ᠳᠡᠭᠡᠷᠡᠬᠢ + ᠠᠬᠤᠢ ᠲᠠᠯᠠᠪᠠᠢ︾ ᠶᠢᠨ ᠲᠠᠪᠴᠠᠩ ᠢ ᠢᠳᠡᠪᠬᠢᠲᠡᠢ ᠪᠠᠶᠢᠭᠤᠯᠪᠠ᠃ ᠡᠨᠡ ᠵᠢᠯ ᠠᠴᠠ ᠨᠠᠭᠠᠰᠢ᠂ ᠤᠷᠢᠳ ᠬᠤᠵᠢᠳ ᠰᠦᠯᠵᠢᠶᠡᠨ ᠳᠡᠭᠡᠷᠡᠬᠢ ᠪᠠ ᠠᠬᠤᠢ ᠲᠠᠯᠠᠪᠠᠢ ᠶᠢᠨ ᠠᠵᠢᠯᠲᠠᠨ ᠠᠵᠢᠯᠴᠢᠨ ᠡᠯᠰᠡᠬᠦ ᠴᠤᠭᠯᠠᠭᠠᠨ ᠢ 101 ᠬᠤᠭᠤᠴᠠᠭ᠎ᠠ ᠡᠷᠬᠢᠯᠡᠵᠤ᠂ 1100 ᠭᠠᠷᠤᠶ ᠦᠶᠯᠡᠴᠢᠯᠡᠭᠡᠨ ᠤ ᠠᠵᠤ ᠠᠬᠤᠶᠢᠯᠠᠯ ᠤᠷᠤᠯᠴᠠᠵᠤ᠂ 9900 ᠭᠠᠷᠤᠶ ᠠᠵᠢᠯ ᠤᠨ ᠪᠠᠶᠢᠷᠢ ᠬᠠᠩᠭᠠᠵᠤ᠂ 4800 ᠭᠠᠷᠤᠶ ᠬᠦᠮᠦᠨ ᠳᠤ ᠠᠵᠢᠯ ᠣᠯᠭᠤᠬᠤ ᠰᠠᠨᠠᠮᠵᠢ ᠲᠤᠬᠢᠷᠠᠯᠴᠠᠪᠠ᠃ ᠬᠤᠶᠠᠷ ᠲᠤ᠂ ︽ᠬᠥᠮᠦᠵᠢᠭᠦᠯᠬᠦ︾ ᠪᠠᠷ ᠭᠤᠣᠯᠳᠠᠯᠭ᠎ᠠ ᠪᠣᠯᠭᠠᠵᠤ᠂ ᠬᠡᠷᠡᠭᠴᠡᠭᠡ ᠶᠢᠨ ᠤᠳᠤᠷᠢᠳᠤᠮᠵᠢ ᠶᠢ ᠲᠤᠪᠤᠶᠢᠯᠭᠠᠪᠠ᠃ ᠲᠤᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠨᠢ ᠶᠡᠭᠡ ᠳᠡᠭᠡᠳᠦ ᠰᠤᠷᠭᠠᠭᠤᠯᠢ ᠠᠵᠤ ᠠᠬᠤᠶᠢᠯᠠᠯ ᠤᠨ ᠠᠵᠢᠯᠲᠠᠨ ᠠᠵᠢᠯᠴᠢᠨ᠂  ᠬᠦᠯᠦᠰᠦᠨ ᠮᠠᠯᠴᠢᠨ ᠲᠠᠷᠢᠶᠠᠴᠢᠨ ᠵᠡᠷᠭᠡ ᠭᠤᠤᠯᠳᠠᠯᠭ᠎ᠠ ᠲᠠᠢ ᠬᠥᠮᠦᠰ ᠲᠤ ᠠᠵᠢᠯ ᠣᠯᠭᠤᠬᠤ ᠶᠢ ᠠᠬᠢᠭᠤᠯᠬᠤ ᠶᠢᠨ ᠲᠥᠯᠥᠭᠡ᠂ ᠬᠦᠮᠦᠨ ᠥᠬᠡᠶ ᠨᠢᠰᠬᠡᠯ ᠤᠨ ᠵᠢᠯᠤᠭᠤᠳᠤᠬᠴᠢ᠂ ᠰᠢᠮ᠎ᠡ ᠲᠡᠵᠢᠭᠡᠯᠲᠦ ᠬᠤᠭᠤᠯᠠ ᠲᠣᠬᠢᠷᠠᠭᠤᠯᠬᠤ ᠵᠡᠷᠭᠡ ᠣᠨᠴᠠᠯᠢᠭᠲᠤ ᠪᠣᠯᠪᠠᠰᠤᠷᠠᠯ ᠢ ᠢᠳᠡᠪᠬᠢᠲᠡᠶ ᠥᠷᠨᠢᠭᠦᠯᠵᠦ᠂ ᠬᠥᠳᠡᠯᠮᠦᠷᠢᠴᠢᠳ ᠤᠨ ᠠᠵᠢᠯ ᠮᠡᠷᠭᠡᠵᠢᠯ ᠤᠨ ᠬᠡᠪ  ᠪᠤᠯᠪᠠᠰᠤᠷᠠᠯ ᠪᠠ ᠠᠵᠢᠯ ᠤᠯᠬᠤ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠪᠡ᠃ ᠣᠳᠣᠬᠠᠨ ᠪᠣᠯᠲᠠᠯ᠎ᠠ᠂ ᠨᠡᠶᠢᠲᠡ 6321 ᠬᠥᠮᠦᠨ ᠤᠳᠠᠭ᠎ᠠ ᠳᠤ ᠨᠥᠬᠦᠪᠥᠷᠢ ᠶᠢᠨ ᠴᠢᠨᠠᠷᠲᠠᠶ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠬᠦᠷᠳᠡᠭᠡᠵᠦ᠂ ᠨᠡᠶᠢᠲᠡ 663 ᠬᠥᠮᠦᠨ ᠤᠳᠠᠭ᠎ᠠ ᠳᠤ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ ᠢ ᠰᠢᠯᠵᠢᠭᠦᠯᠦᠨ ᠠᠵᠢᠯ ᠣᠯᠭᠤᠬᠤ ᠪᠣᠯᠪᠠᠰᠤᠷᠠᠯ ᠬᠦᠷᠳᠡᠭᠡᠵᠤ᠂ ᠨᠡᠶᠢᠲᠡ 2408 ᠬᠥᠮᠦᠨ ᠤᠳᠠᠭ᠎ᠠ ᠳᠤ ᠬᠤᠲᠠ ᠪᠠᠯᠭᠠᠰᠤ ᠶᠢᠨ ᠠᠵᠢᠯ ᠣᠯᠭᠤᠬᠤ ᠤᠷ᠎ᠠ ᠴᠢᠳᠠᠪᠤᠷᠢ ᠶᠢᠨ ᠪᠣᠯᠪᠠᠰᠤᠷᠠᠯ ᠬᠦᠷᠳᠡᠬᠡᠵᠦ᠂ ︽ᠵᠠᠬᠢᠶᠠᠯᠠᠭ᠎ᠠ ᠶᠢᠨ ᠮᠠᠶ᠋ᠢᠭ ᠤᠨ ᠠᠩᠭᠢ︾᠂ ︽ᠤᠷᠠᠨ ᠳᠠᠷᠬᠠᠨ ᠤ ᠠᠩᠭᠢ︾ ᠨᠢ ᠨᠡᠶᠢᠲᠡ 2518 ᠬᠥᠮᠦᠨ ᠤᠳᠠᠭ᠎ᠠ ᠳᠤ ᠪᠣᠯᠪᠠᠰᠤᠷᠠᠯ ᠬᠦᠷᠳᠡᠬᠡᠪᠡ᠃ ᠭᠤᠷᠪᠠ ᠳᠤ᠂ ᠴᠢᠳᠠᠪᠤᠷᠢᠲᠠᠨ ᠢ ︽ᠬᠡᠷᠡᠭᠯᠡᠬᠦ︾ ᠪᠠᠷ ᠵᠠᠩᠭᠢᠯᠠᠭ᠎ᠠ ᠪᠣᠯᠭᠠᠵᠤ᠂ ᠬᠥᠮᠦᠨ ᠪᠠ ᠠᠵᠢᠯ ᠤᠨ ᠪᠠᠶᠢᠷᠢ ᠬᠠᠷᠢᠯᠴᠠᠨ ᠵᠤᠬᠢᠴᠠᠯᠳᠤᠬᠤ ᠶᠢ ᠪᠡᠶᠡᠯᠡᠭᠦᠯᠪᠠ᠃ ᠪᠥᠬᠦ  ᠲᠤᠭᠤᠷᠢᠭ ᠤᠨ ᠠᠵᠢᠯᠲᠠᠨ ᠠᠵᠢᠯᠴᠢᠨ ᠤ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠬᠥᠳᠡᠯᠮᠦᠷᠢ ᠶᠢᠨ ᠤᠷᠤᠯᠳᠤᠭᠠᠨ ᠢ ᠥᠷᠨᠢᠭᠦᠯᠵᠤ᠂ ᠤᠷᠤᠯᠳᠤᠭᠠᠨ ᠨᠢ 17 ᠨᠢᠭᠡᠴᠢ᠂ ᠠᠵᠤ ᠠᠬᠤᠶᠢᠯᠠᠯ ᠳᠤ ᠬᠤᠯᠪᠣᠭᠳᠠᠵᠤ᠂ ᠲᠤᠬᠠᠶᠢᠯᠠᠭᠰᠠᠨ ᠠᠵᠢᠯ ᠤᠨ ᠤᠷ᠎ᠠ ᠴᠢᠳᠠᠪᠤᠷᠢ᠂ ᠦᠶᠯᠡᠴᠢᠯᠡᠭᠡᠨ ᠤ ᠤᠷ᠎ᠠ ᠴᠢᠳᠠᠪᠤᠷᠢ᠂ ᠠᠵᠢᠯᠯᠠᠬᠤ ᠤᠷ᠎ᠠ ᠴᠢᠳᠠᠪᠤᠷᠢ ᠵᠡᠷᠭᠡ 44 ᠲᠥᠷᠥᠯ ᠵᠦᠶᠯ ᠢ ᠪᠠᠭᠲᠠᠭᠠᠵᠤ᠂ ᠡᠨᠡ ᠵᠢᠯ ᠬᠥᠨᠳᠡᠯᠡᠨ ᠲᠣᠭᠤᠷᠢᠭ ᠲᠤ ᠳᠡᠭᠡᠳᠦ ᠲᠡᠰ ᠤᠨ ᠤᠷ᠎ᠠ ᠮᠡᠷᠭᠡᠵᠢᠯ ᠤᠨ ᠴᠢᠳᠠᠪᠤᠷᠢᠲᠠᠨ ᠢ 845 ᠰᠢᠨ᠎ᠡ ᠪᠠᠷ ᠨᠡᠮᠡᠭᠳᠡᠭᠦᠯᠵᠦ᠂ ᠳᠡᠭᠡᠳᠦ  ᠲᠡᠰ ᠤᠨ ᠲᠧᠭᠨᠢᠭᠴᠢ ᠶᠢ 142 ᠰᠢᠨ᠎ᠡ ᠪᠠᠷ ᠨᠡᠮᠡᠭᠳᠡᠭᠦᠯᠪᠡ᠃ ︵ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号