ᠬᠥᠨᠳᠡᠯᠡᠨ ᠲᠣᠭᠤᠷᠢᠭ ᠶᠠᠰᠤ ᠴᠢᠨᠠᠷ ᠢᠶᠠᠷ ᠲᠣᠭᠤᠷᠢᠭ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠶᠢ ᠭᠦᠨᠵᠡᠬᠡᠶᠢᠷᠡᠬᠦᠯᠦᠨ ᠠᠬᠢᠭᠤᠯᠵᠤ᠂ ᠠᠵᠤ ᠠᠬᠤᠢ ᠶᠢᠨ ᠡᠷᠬᠢᠯᠳᠡ ᠶᠢᠨ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠵᠤ ᠪᠤᠢ
ᠨᠡᠶᠢᠲᠡᠯᠡᠭᠰᠡᠨ ᠴᠠᠭ᠄
2024/11/1
      ᠬᠥᠨᠳᠡᠯᠡᠨ ᠲᠣᠭᠤᠷᠢᠭ ︽ᠶᠠᠰᠤ ᠴᠢᠨᠠᠷ ᠤᠨ ᠤᠬᠠᠮᠰᠠᠷ ᠢᠶᠠᠨ ᠴᠢᠩᠭᠠᠳᠬᠠᠵᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ︾ ᠪᠠᠷ ᠭᠤᠣᠯ ᠰᠡᠳᠦᠪ ᠪᠣᠯᠭᠠᠵᠤ᠂ ᠥᠨᠳᠥᠷ ᠪᠠᠷᠢᠮᠵᠢᠶ᠎ᠠ ᠪᠠᠷ ᠤᠯᠠᠨ ᠬᠦᠷᠢᠶᠡᠨ ᠳᠤ 2023 ᠣᠨ ᠤ ︽ᠶᠠᠰᠤ ᠴᠢᠨᠠᠷ ᠤᠨ ᠰᠠᠷ᠎ᠠ︾ ᠶᠢᠨ ᠠᠵᠢᠯᠯᠠᠭ᠎ᠠ ᠥᠷᠨᠢᠭᠦᠯᠪᠡ᠃ ᠨᠢᠭᠡ ᠳᠤ᠂ ᠠᠵᠤ ᠦᠶᠯᠡᠳᠪᠦᠷᠢ ᠶᠢᠨ ᠦᠶᠯᠡᠳᠬᠦᠨ ᠤ ︽ᠬᠤᠶᠠᠷ ᠲᠣᠭᠲᠠᠭᠠᠯ︾ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ    ᠠᠬᠢᠭᠤᠯᠵᠤ᠂ ᠣᠲᠣ ᠪᠣᠯᠲᠠᠯ᠎ᠠ᠂ ᠦᠶᠯᠡᠳᠪᠦᠷᠢᠯᠡᠬᠦ᠂ ᠪᠣᠷᠣᠯᠠᠭᠤᠯᠬᠤ 17 ᠨᠢᠭᠡᠴᠢ ᠳᠤ ᠶᠠᠰᠤ ᠴᠢᠨᠠᠷ ᠤᠨ ᠠᠮᠤᠷ ᠲᠦᠪᠰᠢᠨ ᠤ ᠶᠡᠷᠦᠩᠬᠡᠶ ᠬᠢᠨᠠᠭᠴᠢ᠂ ᠶᠠᠰᠤ ᠴᠢᠨᠠᠷ ᠤᠨ ᠠᠮᠤᠷ ᠲᠦᠪᠰᠢᠨ ᠤ ᠠᠵᠢᠯᠲᠠᠨ ᠢ ᠲᠣᠬᠢᠷᠠᠭᠤᠯᠵᠤ᠂ ᠱᠠᠲᠤ ᠬᠤᠪᠢᠶᠠᠨ ᠬᠢᠨᠠᠨ ᠬᠠᠮᠢᠶᠠᠷᠬᠤ ᠶᠢ ᠪᠡᠶᠡᠯᠡᠭᠦᠯᠵᠦ᠂ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠤᠯᠠᠮ ᠨᠢᠭᠡ ᠠᠯᠬᠤᠮ ᠠᠬᠢᠭᠤᠯᠪᠠ᠃ ᠬᠤᠶᠠᠷ ᠲᠤ᠂  ᠦᠢᠯᠡᠴᠢᠯᠡᠭᠡᠨ ᠤ ᠦᠢᠯᠡᠰ ᠲᠤ ᠠᠶᠤᠯᠭᠦᠢ ᠦᠢᠯᠡᠳᠪᠦᠷᠢᠯᠡᠯ ᠢ ᠪᠠᠶᠢᠴᠠᠭᠠᠬᠤ ᠠᠵᠢᠯ ᠢ ᠥᠷᠨᠢᠭᠦᠯᠪᠠ᠃ 8 ᠰᠠᠷ᠎ᠠ ᠶᠢᠨ 9 ᠤ ᠡᠳᠦᠷ ᠠᠴᠠ ᠣᠲᠣ ᠪᠣᠯᠲᠠᠯ᠎ᠠ᠂ ᠲᠣᠰᠣ ᠨᠡᠮᠡᠬᠦ ᠥᠷᠲᠡᠭᠡ ᠶᠢᠨ ᠬᠡᠮᠵᠢᠯᠲᠡ ᠶᠢᠨ ᠲᠤᠰᠬᠠᠶ ᠪᠠᠶᠢᠴᠠᠭᠠᠯᠲᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠨᠡᠶᠢᠲᠡ 26 ᠲᠣᠰᠣ ᠨᠡᠮᠡᠬᠦ ᠥᠷᠲᠡᠭᠡ᠂ 68 ᠲᠣᠰᠣ ᠨᠡᠮᠡᠬᠦ ᠮᠠᠰᠢᠨ᠂ 126 ᠲᠣᠰᠣ ᠨᠡᠮᠡᠬᠦ ᠰᠦᠷᠴᠢᠬᠦᠷ ᠢ ᠪᠠᠶᠢᠴᠠᠭᠠᠵᠤ᠂ ᠬᠡᠮ ᠬᠢᠬᠦ ᠠᠵᠢᠯᠯᠠᠭ᠎ᠠ ᠶᠢ ᠢᠯᠡᠷᠡᠬᠦᠯᠦᠭᠰᠡᠨ ᠥᠬᠡᠶ᠃ ︵ᠵᠠᠬ᠎ᠠ ᠳᠡᠯᠭᠡᠭᠦᠷ ᠤᠨ ᠬᠢᠨᠠᠯᠳᠠ ᠬᠠᠮᠢᠶᠠᠷᠤᠯᠳᠠ ᠶᠢᠨ ᠲᠣᠪᠴᠢᠶ᠎ᠠ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号