ᠱᠢ ᠮᠧᠨ ᠦᠵᠡᠮᠵᠢ ᠶᠢᠨ ᠣᠷᠣᠨ
ᠨᠡᠶᠢᠲᠡᠯᠡᠭᠰᠡᠨ ᠴᠠᠭ᠄
2024/11/1
     ᠪᠤᠭᠤᠲᠤ ᠬᠤᠲᠠ ᠶᠢᠨ ᠬᠤᠶᠢᠲᠤ ᠬᠡᠰᠡᠭ ᠤᠨ ᠮᠤᠨᠢ ᠠᠭᠤᠯᠠ ᠨᠢᠷᠤᠭᠤ ᠶᠢᠨ ᠬᠠᠪᠴᠢᠯ ᠳᠤᠮᠳᠠ ᠪᠠᠶᠢᠷᠢᠯᠠᠵᠤ᠂ ᠪᠤᠭᠤᠲᠤ ᠬᠤᠲᠠ ᠶᠢᠨ ᠤᠰᠤᠨ ᠴᠥᠭᠦᠷᠥᠮ ᠤᠨ ᠬᠠᠮᠢᠶᠠᠷᠤᠯᠲᠠ ᠶᠢᠨ ᠭᠠᠵᠠᠷ ᠲᠤ ᠬᠠᠷᠢᠶᠠᠯᠠᠭᠳᠠᠨ᠎ᠠ᠃ ᠦᠵᠡᠮᠵᠢ ᠶᠢᠨ ᠣᠷᠣᠨ ᠢᠶᠠᠷ ᠤᠷᠤᠰᠤᠨ ᠥᠩᠭᠡᠷᠡᠬᠦ ᠬᠥᠨᠳᠡᠯᠡᠨ ᠭᠤᠤᠯ ᠢ ᠡᠷᠳ᠋ᠨ ᠳᠡᠭᠡᠨ ︽ᠱᠢ ᠮᠧᠨ ᠱᠦᠶ︾ ᠭᠡᠵᠤ ᠨᠠᠷᠡᠯᠡᠵᠤ ᠪᠠᠶᠢᠬᠰᠠᠨ ᠠᠴᠠ ᠲᠤᠰ ᠦᠵᠡᠮᠵᠢ ᠶᠢᠨ ᠤᠷᠤᠨ ᠢ ᠡᠶᠢᠨᠬᠦ ᠨᠡᠷᠡᠶᠢᠳᠦᠭᠰᠡᠨ ᠠᠵᠢ᠃ ᠦᠵᠡᠮᠵᠢ ᠶᠢᠨ ᠣᠷᠣᠨ ᠤ ᠲᠠᠯᠠᠪᠠᠶ ᠨᠢ 16 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠤᠯᠤᠰ ᠤᠨ ᠤᠰᠤᠨ ᠠᠰᠢᠭᠯᠠᠯᠲᠠ ᠶᠢᠨ ᠦᠵᠡᠮᠵᠢ ᠶᠢᠨ ᠣᠷᠣᠨ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠶᠢᠨ ᠴᠡᠴᠡᠷᠯᠢᠭ᠂ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠰᠢᠰᠲ᠋ᠧᠮ ᠤᠨ ᠵᠠᠯᠠᠭᠤᠴᠤᠳ ᠤᠨ ᠪᠣᠯᠪᠠᠰᠤᠨ ᠤ ᠴᠤᠯᠠ ᠶᠢ ᠬᠦᠷᠳᠡᠭᠰᠠᠨ ᠨᠢᠬᠡᠴᠢ ᠪᠠ ᠪᠤᠭᠤᠲᠤ ᠬᠤᠲᠠ ᠶᠢᠨ ᠰᠢᠯᠢᠳᠡᠭ ᠵᠢᠭᠤᠯᠴᠢᠯᠠᠯ ᠤᠨ ᠣᠷᠣᠨ ᠪᠣᠯᠤᠨ᠎ᠠ᠃ ᠦᠵᠡᠮᠵᠢ ᠶᠢᠨ ᠣᠷᠣᠨ ᠤ ᠳᠣᠲᠣᠷ᠎ᠠ ᠤᠯᠤᠰ ᠤᠨ ᠨᠢᠭᠡᠳᠦᠭᠡᠷ᠂ ᠬᠤᠶᠠᠳᠤᠭᠠᠷ ᠳᠡᠰ ᠤᠨ ᠬᠠᠮᠠᠭᠠᠯᠠᠯᠲᠠ ᠶᠢ ᠬᠦᠷᠳᠡᠵᠤ ᠪᠠᠶᠢᠭ᠎ᠠ ᠣᠯᠠᠨ ᠵᠦᠢᠯ ᠤᠨ ᠠᠮᠢᠲᠠᠨ ᠪᠤᠢ᠂ ᠨᠠᠷᠠᠰᠤ᠂ ᠮᠠᠶᠢᠯᠠᠰᠤ᠂ ᠴᠦᠬᠦᠷᠰᠦ᠂ ᠴᠠᠭᠠᠨ ᠬᠤᠰᠤ᠂ ᠥᠷᠭᠡᠰᠦᠲᠦ ᠭᠦᠢᠯᠡᠰᠦ ᠵᠡᠷᠭᠡ ᠬᠡᠳᠦᠨ ᠠᠷᠪᠠᠨ ᠵᠦᠢᠯ ᠤᠨ ᠤᠷᠭᠤᠮᠠᠯ ᠲᠠᠢ᠂ ᠦᠵᠡᠮᠵᠢ ᠶᠢᠨ ᠣᠷᠣᠨ ᠨᠢ ᠪᠠᠶᠢᠭᠠᠯᠢ᠂ ᠢᠨᠵᠧᠨᠧᠷᠢᠩ᠂ ᠵᠤᠭ᠎ᠠ ᠴᠡᠩᠭᠡᠯ᠂ ᠰᠣᠶᠣᠯ ᠢᠷᠭᠡᠨᠰᠢᠯ ᠵᠡᠷᠬᠡ ᠳᠥᠷᠪᠡᠨ ᠶᠡᠭᠡ ᠦᠵᠡᠮᠵᠢ ᠶᠢ ᠨᠢᠭᠡ ᠴᠣᠭᠴᠠᠵᠢᠭᠤᠯᠤᠬᠰᠠᠨ ᠪᠠᠶᠢᠨ᠎ᠠ᠃ ᠦᠵᠡᠮᠵᠢ ᠶᠢᠨ ᠣᠷᠣᠨ ᠤ ᠭᠤᠤᠯ ᠲᠥᠪ ᠲᠤ ᠤᠰᠤᠨ ᠴᠥᠭᠦᠷᠥᠮ ᠤᠨ ᠶᠡᠭᠡ ᠬᠠᠰᠢᠯᠭ᠎ᠠ ᠳᠤ ᠲᠦᠰᠢᠭᠯᠡᠵᠤ᠂ ᠦᠨᠳᠦᠷ    ᠬᠠᠪᠴᠢᠯ ᠳᠤ ᠲᠤᠨᠤᠮᠠᠯ ᠤᠰᠤᠨ ᠪᠦᠷᠢᠯᠳᠦᠭᠰᠡᠨ ᠰᠦᠷᠯᠢᠭ ᠦᠵᠡᠮᠵᠢ ᠶᠢ ᠪᠤᠢ ᠪᠤᠯᠭᠠᠬᠰᠠᠨ ᠪᠠᠶᠢᠨ᠎ᠠ᠃     ᠰᠤᠶᠤᠯ ᠢᠷᠬᠡᠨᠰᠢᠯ ᠤᠨ ᠦᠵᠡᠮᠵᠢ ᠳᠤ᠂ ︽ᠵᠣᠣ ᠤᠯᠤᠰ ᠤᠨ ᠡᠦ ᠯᠢᠩ ᠸᠠᠩ ᠬᠤ᠋ ᠬᠦᠮᠦᠨ ᠤ    ᠬᠤᠪᠴᠠᠰᠤ ᠶᠢ ᠡᠮᠦᠰᠴᠦ ᠬᠠᠷᠪᠤᠨ ᠨᠠᠮᠨᠠᠬᠤ ᠶᠢ ᠰᠤᠷᠤᠬᠰᠠᠨ︾᠂ ︽ᠴᠢᠨ ᠱᠢ ᠬᠤᠸᠠᠩ ᠮᠧᠩ ᠲᠢᠶᠠᠨ ᠢ ᠵᠠᠷᠯᠢᠬᠳᠠᠵᠤ ᠬᠤᠶᠢᠲᠤ ᠪᠡᠶ᠎ᠡ ᠪᠠᠷ ᠤᠷᠳᠤ ᠴᠠᠭᠠᠨ ᠬᠡᠷᠡᠮ ᠢ ᠪᠠᠶᠢᠭᠤᠯᠤᠬᠰᠠᠨ︾᠂ ︽ᠬᠠᠨ ᠡᠦ ᠳ᠋ᠢ ᠬᠠᠭᠠᠨ ᠬᠤᠶᠢᠲᠤ ᠪᠡᠶ᠎ᠡ ᠪᠠᠷ ᠲᠤᠭᠤᠷᠢᠨ ᠴᠠᠨ ᠢᠦᠶ ᠲᠠᠢ ᠳᠤ ᠬᠦᠷᠦᠭᠰᠡᠨ ᠨᠢ  ︾᠂ ︽ᠵᠣᠣ ᠵᠢᠶᠦ᠋ᠨ ᠪᠣᠭᠤᠮᠲᠠ ᠶᠢᠨ ᠭᠠᠳᠠᠨ᠎ᠠ ᠮᠤᠷᠳᠠᠬᠰᠠᠨ︾ ᠵᠡᠷᠭᠡ ᠦᠯᠢᠬᠡᠷ ᠪᠤᠢ᠂ ᠤᠯᠠᠮᠵᠢᠯᠠᠯ ᠶᠠᠷᠢᠶᠠᠨ ᠳᠤ ᠵᠣᠣ ᠵᠢᠶᠦ᠋ᠨ  ᠰᠢᠶᠡᠨᠶᠠᠩ ᠠᠴᠠ ᠮᠤᠷᠳᠠᠵᠤ᠂ ᠵᠢᠦᠶᠤᠸᠠᠨ ᠵᠢᠶᠦ᠋ᠨ ᠳᠤ ᠬᠦᠷᠴᠦ᠂ ᠱᠢ ᠮᠧᠨ ᠬᠠᠪᠴᠢᠯ ᠢ ᠨᠡᠪᠲᠡᠯᠦᠨ ᠭᠤᠪᠢ ᠶᠢᠨ ᠠᠷᠤ ᠳᠤ ᠬᠦᠷᠳᠡᠯ᠎ᠡ᠂ ᠵᠠᠮ ᠲᠤᠷᠰᠢ ᠭᠤᠨᠢᠬᠯᠠᠨ ᠡᠮᠬᠢᠨᠢᠵᠤ ᠲᠤᠶᠢᠯ ᠤᠨ ᠤᠶᠠᠷᠠᠭᠤᠨ ᠪᠠᠶᠢᠵᠠᠢ᠃ ᠠᠳᠡ ᠬᠡᠯᠡᠵᠤ ᠪᠠᠶᠢᠭ᠎ᠠ ᠱᠢ ᠮᠧᠨ ᠬᠠᠪᠴᠢᠯ ᠬᠡᠵᠤ ᠥᠨᠥᠳᠦᠷ ᠤᠨ ᠬᠥᠨᠳᠡᠯᠡᠨ ᠭᠤᠤᠯ ᠤᠨ ᠭᠤᠤᠯ ᠤᠨ ᠬᠥᠨᠳᠡᠶ ᠶᠢ ᠬᠡᠯᠡᠵᠤ ᠪᠤᠢ᠃      ᠣᠶᠢᠷ᠎ᠠ ᠶᠢᠨ ᠵᠢᠯ ᠳᠤ᠂ ᠪᠤᠭᠤᠲᠤ ᠬᠤᠲᠠ ᠶᠢᠨ ᠤᠰᠤᠨ ᠴᠥᠭᠦᠷᠥᠮ ᠤᠨ ᠬᠠᠮᠢᠶᠠᠷᠤᠯᠲᠠ ᠶᠢᠨ ᠭᠠᠵᠠᠷ ᠵᠢᠭᠤᠯᠴᠢᠯᠠᠯ ᠢᠶᠠᠷ  ᠤᠰᠤ ᠶᠢ ᠵᠠᠰᠬᠤ ᠬᠥᠭᠵᠢᠯᠲᠡ ᠶᠢᠨ ᠤᠶᠢᠯᠠᠭᠠᠬᠳᠠᠬᠤᠨ ᠢ ᠪᠣᠶ ᠪᠣᠯᠭᠠᠵᠤ᠂ ᠵᠢᠭᠤᠯᠴᠢᠯᠠᠯ ᠤᠨ ᠠᠵᠤ ᠦᠶᠯᠡᠰ ᠤᠨ ᠬᠥᠭᠵᠢᠯᠲᠡ ᠶᠢᠨ ᠣᠷᠣᠨ ᠵᠠᠶ ᠶᠢ ᠶᠡᠬᠡᠪᠡᠷ ᠥᠷᠭᠡᠳᠬᠡᠨ᠂ ᠲᠥᠷᠥᠯ ᠲᠡᠮᠳᠡᠭ ᠢ ᠡᠵᠡᠩᠨᠡᠬᠦ ᠠᠵᠢᠯ ᠢ ᠨᠢᠮᠪᠠᠶ ᠰᠠᠶᠢᠲᠤᠷ ᠬᠢᠵᠦ᠂ 110 ᠤᠯᠤᠰ ᠤᠨ ᠵᠠᠮ ᠤᠨ ᠦᠵᠡᠮᠵᠢ ᠶᠢᠨ ᠣᠷᠣᠨ ᠳᠤ ᠨᠡᠪᠲᠡᠷᠡᠬᠦ ᠲᠤᠰᠬᠠᠶ ᠬᠡᠷᠡᠭᠯᠡᠬᠦ ᠵᠠᠰᠠᠮᠠᠯ ᠵᠠᠮ ᠢ ᠥᠷᠭᠡᠳᠬᠡᠨ ᠪᠠᠶᠢᠭᠤᠯᠵᠤ᠂ ᠦᠵᠡᠮᠵᠢ ᠶᠢᠨ ᠣᠷᠣᠨ ᠤ ᠳᠣᠲᠣᠷᠠᠬᠢ ᠵᠢᠭᠤᠯᠴᠢᠯᠠᠯ ᠤᠨ ᠵᠠᠮ ᠢ ᠬᠠᠲᠠᠭᠤᠷᠠᠭᠤᠯᠵᠤ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠪᠠᠷ ᠳᠠᠮᠵᠢᠭᠤᠯᠤᠨ ᠬᠦᠨᠳᠡᠯᠡᠨ    ᠲᠤᠭᠤᠷᠢᠭ ᠤᠨ ᠣᠯᠠᠨ ᠤᠯᠤᠰ ᠤᠨ ᠴᠡᠨᠡᠯᠡᠯᠳᠡ ᠶᠢᠨ ᠲᠠᠯᠠᠪᠠᠶ ᠵᠡᠷᠭᠡ ᠵᠤᠭ᠎ᠠ ᠴᠡᠩᠭᠡᠯ ᠤᠨ ᠲᠥᠷᠥᠯ ᠵᠦᠶᠯ ᠢ ᠨᠡᠭᠡᠭᠡᠨ ᠬᠥᠭᠵᠢᠭᠦᠯᠵᠦ ᠪᠥᠲᠥᠭᠡᠨ ᠪᠠᠶᠢᠭᠤᠯᠪᠠ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号