9 ᠰᠠᠷ᠎ᠠ ᠶᠢᠨ 24 ᠤ ᠡᠳᠦᠷ᠂ ᠥᠪᠥᠷ ᠮᠣᠩᠭᠤᠯ ᠤᠨ ᠳᠤᠮᠳᠠᠳᠤ ᠪᠠᠭ᠎ᠠ ᠰᠤᠷᠭᠠᠭᠤᠯᠢ ᠶᠢᠨ ᠣᠶᠤᠨᠴᠢ ᠰᠤᠷᠭᠠᠨ | ᠬᠥᠮᠦᠵᠢᠯ ᠤᠨ ᠲᠠᠪᠴᠠᠩ ᠠᠴᠠ 2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠᠳᠤ ᠪᠠᠭ᠎ᠠ | ᠰᠤᠷᠭᠠᠭᠤᠯᠢ ᠶᠢᠨ ᠪᠠᠭᠰᠢ ᠶᠢᠨ ᠮᠡᠳᠡᠭᠡ ᠵᠠᠩᠭᠢ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠦᠶᠯᠡᠳᠦᠯᠭᠡ ᠶᠢᠨ | ᠠᠵᠢᠯᠯᠠᠭ᠎ᠠ ᠶᠢᠨ ᠱᠠᠩᠨᠠᠯ ᠣᠯᠤᠭᠰᠠᠨ ᠦᠷ᠎ᠡ ᠳ᠋ᠦᠩ ᠢ ᠨᠡᠶᠢᠲᠡᠯᠡᠪᠡ᠃ ᠲᠣᠰ ᠤᠳᠠᠭᠠᠨ ᠤ ᠠᠵᠢᠯᠯᠠᠭ᠎ᠠ ᠳᠤ ᠨᠡᠶᠢᠲᠡ | 5603 ᠪᠦᠲᠦᠭᠡᠯ ᠰᠢᠯᠭᠠᠷᠠᠭᠤᠯᠤᠯᠲᠠ ᠳᠤ ᠣᠷᠣᠯᠴᠠᠵᠤ᠂ 544 ᠪᠦᠲᠦᠭᠡᠯ ᠥᠪᠡᠷᠲᠡᠭᠡᠨ ᠵᠠᠰᠠᠬᠤ ᠣᠷᠣᠨ ᠤ ᠲᠠᠰ ᠤᠨ | ᠱᠠᠩᠨᠠᠯ ᠢ ᠭᠥᠷᠳᠡᠪᠡ᠃ ᠬᠥᠨᠳᠡᠯᠡᠨ ᠲᠣᠭᠤᠷᠢᠭ ᠲᠤ ᠨᠡᠶᠢᠲᠡ 52 ᠪᠦᠲᠦᠭᠡᠯ ᠱᠠᠩᠨᠠᠯ ᠭᠥᠷᠳᠡᠵᠦ᠂ ᠡᠭᠦᠨ ᠳᠤ ᠨᠢᠭᠡᠳᠦᠭᠡᠷ | ᠳᠡᠰ ᠤᠨ ᠱᠠᠩᠨᠠᠯ ᠭᠥᠷᠳᠡᠭᠰᠡᠨ ᠬᠦᠮᠦᠨ ᠤ ᠲᠤᠳᠤᠷ᠎ᠠ ᠪᠤᠭᠤᠲᠤ ᠬᠤᠲᠠ ᠶᠢᠨ 5 ᠬᠦᠮᠦᠨ ᠪᠠᠶᠢᠵᠤ᠂ ᠡᠬᠦᠨ ᠤ ᠲᠤᠳᠤᠷ᠎ᠠ | ᠬᠥᠨᠳᠡᠯᠡᠨ ᠲᠣᠭᠤᠷᠢᠭ ᠤᠨ 4 ᠬᠦᠮᠦᠨ ᠪᠠᠶᠢᠵᠤ᠂ 80% ᠶᠢ ᠡᠵᠡᠯᠡᠪᠡ︔ ᠬᠤᠶᠠᠳᠤᠭᠠᠷ ᠳᠡᠰ ᠤᠨ ᠱᠠᠩᠨᠠᠯ ᠳᠤ ᠪᠤᠭᠤᠲᠤ | ᠬᠤᠲᠠ ᠶᠢᠨ 20 ᠬᠥᠮᠦᠨ ᠪᠠᠶᠢᠵᠤ᠂ ᠡᠬᠦᠨ ᠤ ᠲᠤᠳᠤᠷ᠎ᠠ ᠬᠥᠨᠳᠡᠯᠡᠨ ᠲᠣᠭᠤᠷᠢᠭ ᠤᠨ 14 ᠬᠥᠮᠦᠨ ᠪᠠᠶᠢᠵᠤ᠂ | 70% ᠶᠢ ᠡᠵᠡᠯᠡᠪᠡ︔ ᠭᠤᠷᠪᠠᠳᠤᠭᠠᠷ ᠳᠡᠰ ᠤᠨ ᠱᠠᠩᠨᠠᠯ ᠳᠤ ᠪᠤᠭᠤᠲᠤ ᠬᠤᠲᠠ ᠶᠢᠨ 44 ᠬᠥᠮᠦᠨ ᠱᠠᠩᠨᠠᠯ ᠭᠥᠷᠳᠡᠵᠦ᠂ | ᠡᠬᠦᠨ ᠤ ᠲᠤᠳᠤᠷ᠎ᠠ ᠬᠥᠨᠳᠡᠯᠡᠨ ᠲᠣᠭᠤᠷᠢᠭ ᠤᠨ 34 ᠬᠥᠮᠦᠨ ᠪᠠᠶᠢᠵᠤ᠂ 77% ᠶᠢ ᠡᠵᠡᠯᠡᠪᠡ᠃ ︵ᠰᠤᠷᠭᠠᠨ | ᠬᠥᠮᠦᠵᠢᠯ ᠤᠨ ᠲᠣᠪᠴᠢᠶ᠎ᠠ︶ |