︵ᠬᠤᠶᠠᠷ︶ | ᠰᠢᠨ᠎ᠡ ᠪᠠᠶᠢᠳᠠᠯ ᠢ ᠠᠷᠭᠠᠴᠠᠭᠠᠬᠤ ᠳᠤ᠂ ᠪᠣᠳᠠᠲᠠᠢ ᠠᠰᠠᠭᠤᠳᠠᠯ ᠢ ᠪᠣᠳᠠᠲᠠᠢ ᠪᠠᠷ ᠵᠠᠳᠠᠯᠬᠤ ᠶᠢ ᠪᠠᠷᠢᠮᠲᠠᠯᠠᠬᠤ ᠬᠡᠷᠡᠭᠲᠡᠢ | ᠬᠡᠪ ᠤᠨ ᠬᠡᠯᠪᠡᠯᠵᠡᠯ ᠳᠤ ᠬᠠᠨᠲᠤᠬᠤ ᠳᠤ ᠪᠠᠨ᠂ ᠡᠩ ᠤᠨ ᠰᠡᠳᠭᠢᠯᠭᠡ ᠢᠯᠡᠭᠦᠬᠡᠨ ᠪᠠᠶᠢᠬᠤ ᠳᠤ ᠪᠠᠨ ᠲᠠᠭᠠᠷᠠᠨ᠎ᠠ᠃ | ᠨᠡᠮᠡᠭᠳᠡᠯ ᠤᠨ ᠬᠤᠷᠳᠤᠴᠠ ᠠᠴᠠ ᠦᠵᠡᠪᠡᠯ᠂ ᠭᠤᠷᠪᠠᠨ ᠤᠯᠠᠷᠢᠯ ᠤᠨ ᠠᠵᠤ ᠠᠬᠤᠶ ᠶᠢᠨ ᠨᠡᠮᠡᠭᠳᠡᠯ ᠤᠨ ᠬᠤᠷᠳᠤᠴᠠ | ᠬᠡᠳᠦ᠋ᠢᠪᠡᠷ ᠬᠡᠯᠪᠡᠯᠵᠡᠯ ᠲᠠᠢ ᠪᠠᠶᠢᠭᠰᠠᠨ ᠴᠤ ᠬᠡᠯᠪᠡᠯᠵᠡᠯ ᠤᠨ ᠬᠡᠮᠵᠢᠶ᠎ᠡ ᠨᠢ ᠶᠡᠭᠡ ᠪᠢᠰᠢ ᠪᠠᠶᠢᠵᠤ᠂ ᠮᠥᠨ ᠯᠡ ︽5% | ᠣᠷᠴᠢᠮ︾ ᠤᠨ ᠵᠢᠱᠢᠭᠰᠡᠨ ᠬᠠᠷᠠᠯᠲᠠ ᠶᠢᠨ ᠣᠷᠴᠢᠮ ᠪᠠᠶᠢᠪᠠ᠃ ᠨᠡᠮᠡᠭᠲᠡᠯ ᠤᠨ ᠬᠡᠮᠵᠢᠶ᠎ᠡ ᠠᠴᠠ ᠦᠵᠡᠪᠡᠯ᠂ ᠨᠡᠮᠡᠭᠲᠡᠯ ᠤᠨ | ᠬᠤᠷᠲᠤᠴᠠ ᠠᠲᠠᠯᠢ ᠬᠤᠭᠤᠴᠠᠭᠠᠨ ᠤ ᠬᠢ ᠠᠴᠠ ᠬᠡᠲᠦ᠋ᠢᠪᠡᠷ ᠪᠠᠭᠠᠰᠤᠭᠰᠠᠨ ᠪᠤᠯᠪᠠᠴᠦ ᠭᠤᠷᠪᠠᠲᠤᠭᠠᠷ ᠤᠯᠠᠷᠢᠯ ᠤᠨ ᠠᠵᠤ | ᠠᠬᠤᠢ ᠶᠢᠨ ᠶᠡᠷᠦᠩᠭᠡᠢ ᠬᠡᠮᠵᠢᠶ᠎ᠠ ᠨᠢ ᠮᠦᠨ ᠯᠡ ᠨᠢᠲᠤᠨᠤᠨ ᠤ ᠠᠲᠠᠯᠢ ᠬᠤᠭᠤᠴᠠᠭᠠᠨ ᠤ ᠬᠢ ᠠᠴᠠ 12934 ᠳ᠋ᠦᠩᠰᠢᠭᠤᠷ | ᠳᠦᠭᠦᠷᠢᠭ ᠦᠨᠲᠦᠷ ᠪᠠᠶᠢᠪᠠ᠃ | ᠪᠦᠲᠦᠴᠡ ᠶᠢᠨ ᠲᠣᠬᠢᠷᠠᠭᠤᠯᠤᠯᠲᠠ ᠶᠢ ᠠᠬᠢᠭᠤᠯᠬᠤ ᠳᠤ᠂ ᠤᠷᠤᠭᠰᠢ ᠠᠬᠢᠬᠤ ᠵᠣᠷᠢᠭ ᠢᠯᠡᠭᠦᠬᠡᠨ ᠳᠤ ᠪᠠᠨ | ᠲᠠᠭᠠᠷᠠᠨ᠎ᠠ᠃ ᠡᠨᠡ ᠵᠢᠯ ᠤᠨ ᠲᠦᠷᠦᠭᠦᠦ ᠭᠤᠷᠪᠠᠨ ᠤᠯᠠᠷᠢᠯ ᠳᠤ᠂ ᠦᠢᠯᠡᠴᠢᠯᠡᠭᠡᠨ ᠤ ᠦᠢᠯᠡᠰ ᠤᠨ GDP ᠳᠠᠬᠢ ᠡᠵᠡᠯᠡᠬᠦ | ᠬᠤᠪᠢ ᠶᠢᠨ ᠵᠢᠩ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 0.3 ᠵᠠᠭᠤᠨ ᠤ ᠴᠡᠭ ᠳᠡᠭᠡᠭᠰᠢᠯᠡᠵᠦ᠂ ᠠᠵᠤ | ᠠᠬᠤᠢ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠤᠷᠮ᠎ᠠ 53.9% ᠳᠤ ᠬᠦᠷᠪᠡ︔ ᠳᠡᠭᠡᠳᠦ ᠮᠡᠷᠭᠡᠵᠢᠯ ᠤᠨ | ᠠᠵᠤ ᠦᠢᠯᠡᠰ ᠤᠨ ᠪᠡᠯᠡ ᠣᠷᠣᠭᠤᠯᠤᠯᠲᠠ ᠨᠢ ᠠᠳᠠᠯᠢ ᠬᠤᠭᠤᠴᠠᠭᠠᠨ ᠤ ᠬᠢ ᠠᠴᠠ 10.0% ᠪᠠᠷ ᠨᠡᠮᠡᠭᠳᠡᠵᠦ᠂ | ᠨᠡᠮᠡᠭᠳᠡᠯ ᠤᠨ ᠬᠤᠷᠳᠤᠴᠠ ᠨᠢ ᠪᠦᠬᠦ ᠪᠡᠯᠡ ᠣᠷᠣᠭᠤᠯᠤᠯᠲᠠ ᠠᠴᠠ 6.6 ᠵᠠᠭᠤᠨ ᠤ ᠴᠡᠭ ᠥᠨᠳᠥᠷᠵᠢᠵᠦ᠂ 7 ᠰᠠᠷ᠎ᠠ | ᠳᠠᠷᠠᠭᠠᠯᠠᠨ ᠬᠤᠶᠠᠷ ᠣᠷᠣᠨᠲᠤ ᠲᠣᠭᠠᠨ ᠤ ᠨᠡᠮᠡᠭᠳᠡᠯ ᠢᠶᠠᠨ ᠪᠠᠲᠤᠯᠠᠵᠤ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ | ᠬᠦᠴᠦᠨ ᠤ ᠲᠦᠷᠭᠡᠨ ᠪᠦᠷᠢᠯᠳᠦᠬᠦ ᠪᠠ ᠠᠵᠤ ᠠᠬᠤᠢ ᠶᠢᠨ ᠪᠦᠲᠦᠴᠡ ᠶᠢᠨ ᠬᠡᠯᠪᠡᠷᠢ ᠪᠠᠨ ᠬᠤᠪᠢᠷᠠᠭᠤᠯᠤᠨ ᠳᠡᠰ | ᠳᠡᠪᠰᠢᠭᠦᠯᠬᠦ ᠶᠢ ᠲᠦᠷᠭᠡᠳᠬᠡᠬᠦ ᠳᠤ ᠬᠦᠴᠦᠲᠡᠢ ᠲᠤᠯᠭᠠᠭᠤᠷᠢᠯᠠᠯ ᠬᠠᠩᠭᠠᠪᠠ᠃ | ᠬᠡᠯᠪᠡᠷᠢ ᠪᠠᠨ ᠬᠤᠪᠢᠷᠠᠭᠤᠯᠤᠨ ᠡᠪᠡᠷᠰᠢᠶᠡᠯ ᠢ ᠠᠷᠢᠯᠭᠠᠬᠤ ᠳᠤ ᠪᠠᠨ᠂ ᠢᠲᠡᠭᠡᠯ ᠬᠦᠰᠡᠯ ᠢᠯᠡᠭᠦᠬᠡᠨ ᠪᠠᠶᠢᠬᠤ ᠳᠤ ᠪᠠᠨ | ᠲᠠᠭᠠᠷᠠᠨ᠎ᠠ᠃ ᠲᠦᠷᠦᠭᠦᠤ ᠭᠤᠷᠪᠠᠨ ᠤᠯᠠᠷᠢᠯ ᠳᠤ᠂ ᠪᠡᠯᠡᠳᠬᠡᠮᠵᠢ ᠪᠠᠭᠠᠵᠢ ᠬᠡᠷᠡᠭᠰᠡᠯ ᠬᠤᠳᠠᠯᠳᠤᠨ ᠠᠪᠬᠤ ᠳᠤ | ᠵᠠᠷᠤᠴᠠᠭᠤᠯᠤᠭᠰᠠᠨ ᠪᠠᠯᠠ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠨᠢ ᠪᠥᠬᠦ ᠪᠠᠯᠠ ᠣᠷᠣᠭᠤᠯᠤᠯᠲᠠ ᠠᠴᠠ 13 | ᠵᠠᠭᠤᠨ ᠤ ᠴᠡᠭ ᠢᠶᠠᠷ ᠥᠨᠳᠥᠷᠵᠢᠵᠦ᠂ ᠦᠢᠯᠡᠳᠬᠦ ᠦᠢᠯᠡᠰ ᠤᠨ ᠮᠡᠷᠭᠡᠵᠢᠯ ᠤᠨ ᠰᠢᠨᠡᠴᠢᠯᠡᠯᠲᠡ ᠶᠢᠨ ᠪᠠᠯᠠ ᠣᠷᠣᠭᠤᠯᠤᠯᠲᠠ | 9.5% ᠪᠠᠷ ᠨᠡᠮᠡᠭᠳᠡᠪᠡ︔ ᠬᠤᠷᠠᠮᠠᠯ ᠴᠠᠬᠢᠯᠭᠠᠨ ᠬᠡᠯᠬᠢᠶ᠎ᠡ ᠶᠢ ᠦᠢᠯᠡᠳᠪᠦᠷᠢᠯᠡᠭᠰᠡᠨ ᠪᠠ ᠭᠠᠳᠠᠭᠠᠳᠤ ᠳᠤ ᠭᠠᠷᠭᠠᠭᠰᠠᠨ | ᠬᠡᠮᠵᠢᠶ᠎ᠡ ᠨᠢ ᠠᠳᠠᠯᠢ ᠬᠤᠭᠤᠴᠠᠭᠠᠨ ᠤ ᠬᠢ ᠠᠴᠠ ᠲᠣᠰ ᠲᠣᠰ 26%᠂ 22% ᠢᠶᠠᠷ ᠨᠡᠮᠡᠭᠳᠡᠪᠡ︔ ᠰᠢᠨ᠎ᠡ ᠡᠨᠧᠷᠭᠢ ᠶᠢᠨ | ᠮᠠᠰᠢᠨ ᠲᠡᠷᠭᠡ ᠶᠢ ᠦᠢᠯᠡᠳᠪᠦᠷᠢᠯᠡᠭᠰᠡᠨ ᠪᠠ ᠭᠠᠳᠠᠭᠠᠳᠤ ᠳᠤ ᠭᠠᠷᠭᠠᠭᠰᠠᠨ ᠬᠡᠮᠵᠢᠶ᠎ᠡ ᠨᠢ ᠠᠳᠠᠯᠢ ᠬᠤᠭᠤᠴᠠᠭᠠᠨ ᠤ ᠬᠢ ᠠᠴᠠ | ᠲᠣᠰ ᠲᠣᠰ 31.7%᠂ 12.5% ᠪᠠᠷ ᠨᠡᠮᠡᠭᠳᠡᠪᠡ ᠁ ᠡᠨᠡ ᠨᠢ ᠰᠢᠨ᠎ᠡ ᠬᠠᠭᠤᠴᠢᠨ ᠬᠥᠳᠡᠯᠭᠡᠬᠦ ᠡᠨᠧᠷᠭᠢ ᠶᠢᠨ | ᠲᠦᠷᠭᠡᠨ ᠰᠣᠯᠢᠭᠳᠠᠯ ᠤᠨ ᠬᠦᠴᠦᠲᠡᠢ ᠢᠯᠡᠷᠡᠯ ᠪᠠᠶᠢᠵᠤ᠂ ᠪᠢᠳᠡᠨ ᠢ ᠨᠡᠩ ᠲᠣᠭᠲᠠᠯ ᠬᠦᠴᠦᠨ ᠲᠠᠢ ᠪᠣᠯᠭᠠᠪᠠ᠃ | ᠪᠦᠬᠦ ᠲᠠᠯ᠎ᠠ ᠠᠴᠠ ᠦᠵᠡᠬᠦ ᠳᠤ᠂ ᠰᠠᠶᠢᠨᠲᠠᠢ ᠪᠠ ᠰᠠᠭᠠᠷ ᠲᠠᠢ ᠭᠡᠬᠦ ᠬᠤᠶᠠᠷ ᠲᠠᠯ᠎ᠠ ᠲᠠᠢ︔ ᠬᠤᠶᠠᠷ ᠲᠠᠯ᠎ᠠ ᠠᠴᠠ | ᠠᠵᠢᠬᠤ ᠨᠢ᠂ ᠦᠨᠡᠨ ᠳᠤ ᠪᠠᠨ ᠪᠦᠬᠦ ᠲᠠᠯ᠎ᠠ ᠶᠢ ᠬᠠᠮᠤᠷᠤᠭᠰᠠᠨ ᠪᠠᠶᠢᠳᠠᠭ᠃ | ᠮᠠᠨ ᠤ ᠤᠯᠤᠰ ᠤᠨ ᠠᠵᠤ ᠠᠬᠤᠶ ᠶᠢᠨ ᠬᠥᠭᠵᠢᠯᠲᠡ ᠨᠢ ᠰᠠᠭᠤᠷᠢ ᠪᠠᠷ ᠰᠠᠶᠢᠨ᠂ ᠤᠶᠠᠨ ᠬᠠᠳᠠᠨ ᠴᠢᠨᠠᠷ ᠢᠶᠠᠷ | ᠴᠢᠩᠭ᠎ᠠ᠂ ᠨᠢᠭᠤᠭᠳᠠᠮᠠᠯ ᠬᠦᠴᠦᠨ ᠢᠶᠠᠷ ᠶᠡᠭᠡ ᠵᠡᠷᠭᠡ ᠠᠰᠢᠭᠲᠠᠶ ᠨᠥᠬᠦᠴᠡᠯ ᠬᠤᠪᠢᠷᠬᠠᠰᠠᠨ ᠦᠭᠡᠶ ᠪᠠᠶᠢᠵᠤ᠂ ᠮᠠᠨ ᠤ ᠤᠯᠤᠰ | ᠬᠡᠳᠦ ᠶᠡᠭᠡ ᠬᠡᠪᠴᠢᠶᠡᠵᠢᠯ ᠲᠠᠢ ᠵᠠᠬ᠎ᠠ ᠳᠡᠯᠭᠡᠭᠦᠷ ᠲᠠᠢ ᠪᠠᠶᠢᠵᠤ᠂ ᠠᠵᠤ ᠦᠢᠯᠡᠰ ᠤᠨ ᠲᠣᠭᠲᠠᠯᠴᠠᠭ᠎ᠠ ᠨᠢ ᠪᠦᠷᠢᠨ ᠪᠦᠲᠦᠨ᠂ | ᠳᠦᠬᠦᠷᠵᠢᠭᠰᠡᠨ ᠴᠢᠳᠠᠪᠤᠷᠢ ᠪᠠᠷ ᠴᠢᠩᠭ᠎ᠠ᠂ ᠨᠡᠮᠡᠭᠳᠡᠯ ᠤᠨ ᠣᠷᠣᠨ ᠵᠠᠶ ᠶᠡᠭᠡ ᠵᠡᠷᠭᠡ ᠳᠠᠪᠠᠭᠤᠯᠢᠭ ᠮᠥᠨ ᠬᠦ ᠣᠷᠣᠰᠢᠭᠰᠠᠭᠠᠷ | ᠪᠠᠶᠢᠨ᠎ᠠ᠃ | ᠡᠭᠦᠨ ᠤ ᠬᠠᠮᠲᠤ᠂ ᠮᠠᠨ ᠤ ᠤᠯᠤᠰ ᠤᠨ ᠠᠵᠤ ᠠᠬᠤᠢ ᠶᠠᠭ ᠪᠦᠲᠦᠴᠡ ᠪᠠᠨ ᠳᠣᠬᠢᠷᠠᠭᠤᠯᠬᠤ᠂ ᠬᠡᠯᠪᠡᠷᠢ ᠪᠠᠨ | ᠬᠤᠪᠢᠷᠠᠭᠤᠯᠤᠨ ᠳᠡᠰ ᠳᠡᠪᠰᠢᠭᠦᠯᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠤᠰᠢᠵᠤ᠂ ᠬᠥᠭᠵᠢᠯᠲᠡ ᠶᠢᠨ ᠠᠷᠭ᠎ᠠ | ᠮᠠᠶ᠋ᠢᠭ ᠢᠶᠠᠨ ᠬᠤᠪᠢᠷᠠᠭᠤᠯᠬᠤ ᠠᠴᠠ ᠠᠪᠤᠭᠠᠳ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠬᠦ᠂ ᠬᠥᠭᠵᠢᠯᠲᠡ ᠶᠢᠨ | ᠶᠠᠰᠤ ᠴᠢᠨᠠᠷ ᠤᠨ ᠬᠤᠪᠢᠰᠤᠯᠲᠠ᠂ ᠬᠥᠭᠵᠢᠯᠲᠡ ᠶᠢᠨ ᠬᠥᠳᠡᠯᠭᠡᠬᠦ ᠡᠨᠧᠷᠭᠢ ᠶᠢᠨ ᠰᠣᠯᠢᠭᠳᠠᠯ ᠬᠦᠷᠲᠡᠯ᠎ᠡ ᠦᠶᠡᠯᠡᠯ ᠤᠨ | ᠴᠢᠨᠠᠷᠲᠠᠢ ᠪᠦᠲᠦᠴᠡ ᠶᠢᠨ ᠴᠢᠨᠠᠷᠲᠠᠢ ᠵᠥᠷᠢᠴᠡᠯ ᠬᠠᠷᠢᠯᠴᠠᠨ ᠰᠣᠯᠪᠢᠴᠠᠵᠤ᠂ ᠬᠡᠯᠪᠡᠷᠢ ᠶᠢᠨ ᠬᠤᠪᠢᠷᠠᠭᠤᠯᠤᠯᠲᠠ ᠶᠢᠨ | ᠡᠪᠡᠷᠰᠢᠶᠡᠯ ᠠᠴᠠ ᠳᠠᠯᠳᠠᠯᠠᠵᠤ ᠴᠤ ᠴᠢᠳᠠᠬᠤ ᠦᠭᠡᠢ ᠲᠤᠭᠤᠷᠢᠨ ᠭᠠᠷᠴᠤ ᠴᠤ ᠴᠢᠳᠠᠬᠤ ᠦᠭᠡᠢ ᠪᠣᠯᠪᠠ᠃ | ᠤᠯᠠᠮ ᠬᠦᠴᠢᠷᠳᠡᠯ ᠲᠠᠢ ᠴᠠᠭ ᠦᠶ᠎ᠡ ᠳᠤ ᠬᠦᠴᠢᠷ ᠪᠡᠷᠭᠡᠰᠢᠶᠠᠯ ᠢ ᠢᠯᠡᠨ ᠲᠠᠪᠠᠵᠤ᠂ ᠭᠡᠷᠡᠯ ᠭᠢᠯᠪᠠᠭ᠎ᠠ ᠪᠠᠨ ᠳᠠᠬᠢᠨᠲᠠ | ᠰᠠᠴᠤᠷᠠᠭᠤᠯᠬᠤ ᠡᠷᠡᠰ ᠵᠤᠷᠢᠭ ᠪᠠ ᠢᠳᠡᠭᠡᠯ ᠵᠤᠷᠢᠭ ᠢᠶᠠᠨ ᠤᠯᠠᠮ ᠪᠠᠳᠤᠳᠬᠠᠵᠤ᠂ ᠡᠷᠭᠡᠪᠰᠢ ᠴᠢᠨᠠᠷ ᠰᠠᠶᠢᠳᠠᠢ | ᠬᠦᠭᠵᠢᠯᠳᠠ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠶᠠᠭᠠᠬᠢᠬᠰᠠᠨ ᠴᠤ ᠬᠦᠴᠢᠷ ᠪᠡᠷᠭᠡᠰᠢᠶᠠᠯ ᠪᠠ | ᠦᠷᠢᠰᠦᠯᠳᠤᠭᠡᠨ ᠠᠴᠠ ᠪᠤᠯᠵᠤ ᠬᠠᠭᠠᠰ ᠲᠤᠲᠠᠭᠤ ᠣᠷᠬᠢᠨ ᠤᠬᠤᠷᠢᠵᠤ᠂ ᠵᠠᠩᠰᠢᠯᠳᠤ ᠴᠢᠨᠠᠷᠳᠠᠢ ᠪᠠᠷ ᠪᠦᠳᠤᠬᠦᠯᠢᠭ ᠮᠠᠶ᠋ᠢᠭ | ᠲᠡᠶᠢᠰᠢ ᠥᠷᠭᠡᠳᠭᠡᠬᠦ᠂ ᠲᠤᠤᠷ᠎ᠡ ᠦᠷ᠎ᠠ ᠠᠰᠢᠭᠲᠤ ᠬᠦᠭᠵᠢᠯᠳᠠ ᠶᠢ ᠬᠦᠬᠡᠬᠡᠴᠡᠯᠳᠤᠬᠦ ᠬᠠᠭᠤᠴᠢᠨ ᠵᠠᠮ ᠳᠤ ᠪᠠᠨ ᠪᠤᠴᠠᠵᠤ | ᠪᠤᠯᠬᠤ ᠦᠭᠡᠢ᠃ | ᠦᠨᠳᠦᠰᠦᠨ ᠠᠴᠠ ᠨᠢ ᠠᠪᠴᠤ ᠬᠡᠯᠡᠪᠡᠯ᠂ ᠮᠠᠨ ᠤ ᠤᠯᠤᠰ ᠤᠨ ᠠᠵᠤ ᠠᠬᠤᠢ ᠶᠢᠨ ᠬᠥᠭᠵᠢᠯᠲᠡ ᠶᠢ ᠬᠢᠵᠠᠭᠠᠷᠯᠠᠵᠤ | ᠪᠠᠶᠢᠭ᠎ᠠ ︽ᠪᠣᠭᠤᠮᠢ︾ ᠶᠢ ᠡᠪᠳᠡᠬᠦ ᠶᠢᠨ ᠵᠠᠩᠭᠢᠯᠠᠭ᠎ᠠ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠳᠤ ᠪᠣᠢ᠃ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠵᠠᠩᠭᠢᠯᠠᠭ᠎ᠠ ᠨᠢ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠣᠳᠣᠬᠢᠴᠢᠯᠠᠯᠲᠠ ᠳᠤ ᠪᠠᠶᠢᠵᠤ᠂ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠳᠤ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠲᠦᠰᠢᠭᠯᠡᠨ ᠰᠢᠨ᠎ᠡ ᠬᠥᠳᠡᠯᠭᠡᠬᠦ ᠡᠨᠧᠷᠭᠢ ᠶᠢ ᠪᠤᠶᠢᠵᠢᠭᠤᠯᠬᠤ ᠬᠡᠷᠡᠭᠲᠡᠶ᠃ | ᠡᠮᠦᠨᠡᠬᠡᠨ ᠨᠡᠶᠢᠲᠡᠯᠡᠭᠰᠡᠨ ︽2024 ᠣᠨ ᠤ ᠪᠥᠬᠦ ᠪᠥᠮᠪᠥᠷᠴᠡᠭ ᠤᠨ ᠰᠢᠨ᠎ᠡ ᠶᠢ ᠡᠭᠦᠳᠬᠦ ᠵᠢᠭᠠᠯᠲᠠ ᠲᠤᠭ᠎ᠠ ᠶᠢᠨ | ᠮᠡᠳᠡᠭᠦᠯᠦᠯᠲᠡ︾ ᠳᠤ ᠳᠤᠮᠳᠠᠳᠤ ᠤᠯᠤᠰ ᠪᠣᠯ 10 ᠵᠢᠯ ᠤᠨ ᠲᠤᠷᠰᠢ ᠰᠢᠨ᠎ᠡ ᠶᠢ ᠡᠭᠦᠳᠬᠦ ᠬᠦᠴᠦᠨ ᠢᠶᠠᠷ ᠬᠠᠮᠤᠭ ᠤᠨ | ᠲᠦᠷᠭᠡᠨ ᠳᠡᠭᠡᠭᠰᠢᠯᠡᠭᠰᠡᠨ ᠠᠵᠤ ᠠᠬᠤᠶ ᠶᠢᠨ ᠴᠣᠭᠴᠠ ᠶᠢᠨ ᠨᠢᠭᠡ ᠪᠠᠶᠢᠵᠤ᠂ ᠰᠢᠨ᠎ᠡ ᠶᠢ ᠡᠭᠦᠳᠬᠦ ᠬᠥᠭᠵᠢᠯᠲᠡ ᠨᠢ ᠶᠠᠭ | ᠬᠦᠴᠦᠷᠬᠡᠭ ᠶᠡᠭᠡ ᠬᠥᠳᠡᠯᠭᠡᠬᠦ ᠬᠦᠴᠦᠨ ᠪᠠ ᠥᠷᠭᠡᠨ ᠠᠭᠤᠳᠠᠮ ᠢᠷᠡᠭᠡᠳᠦᠶ ᠶᠢ ᠢᠯᠡᠷᠡᠭᠦᠯᠵᠦ ᠪᠠᠶᠢᠨ᠎ᠠ ᠭᠡᠵᠡᠶ᠃ | ᠮᠠᠨ ᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠶᠠᠭ ᠪᠦᠷᠢᠮᠦᠰᠦᠨ ᠰᠠᠶᠢᠨ | ᠬᠦᠴᠦᠷᠬᠡᠭᠵᠢᠭᠡ ᠦᠭᠡᠶ᠂ ᠤᠷᠤᠭᠰᠢᠯᠠᠬᠤ ᠦᠭᠡᠶ ᠪᠣᠯ ᠤᠬᠤᠷᠢᠬᠤ ᠵᠠᠩᠭᠢᠯᠠᠭ᠎ᠠ ᠶᠢᠨ ᠱᠠᠲᠤᠨ ᠳᠤ ᠣᠷᠣᠰᠢᠵᠤ᠂ ᠵᠠᠷᠢᠮ | ᠵᠠᠩᠭᠢᠯᠠᠭ᠎ᠠ ᠶᠢᠨ ᠭᠤᠤᠯᠯᠠᠬᠤ ᠮᠡᠷᠭᠡᠵᠢᠯ ᠨᠢ ᠪᠤᠰᠤᠳ ᠬᠥᠮᠦᠨ ᠳᠤ ᠬᠢᠵᠠᠭᠠᠷᠯᠠᠭᠳᠠᠵᠤ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠣᠷᠦ᠋ᠢᠯᠠᠭᠰᠠᠨ ᠴᠢᠳᠠᠪᠤᠷᠢᠲᠠᠨ ᠬᠦᠷᠦᠯᠴᠡᠬᠦ ᠦᠭᠡᠶ ᠪᠠᠶᠢᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠲᠣᠮᠣ ᠤᠯᠤᠰ ᠠᠴᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ ᠲᠡᠶᠢᠰᠢ ᠤᠷᠤᠭᠰᠢᠯᠠᠬᠤ ᠳᠤ ᠡᠯ᠎ᠡ | ᠵᠦᠢᠯ ᠤᠨ ᠬᠠᠷᠰᠢᠯᠠᠯ ᠳᠤ ᠤᠴᠠᠷᠠᠬᠤ ᠨᠢ ᠵᠠᠶᠢᠯᠠᠰᠢ ᠦᠭᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠳᠤ ᠨᠢᠭᠡ ᠯᠡ ᠳᠡᠭᠡᠷ᠎ᠡ ᠠᠮᠵᠢᠯᠲᠠ ᠳᠤ ᠬᠦᠷᠴᠦ ᠴᠢᠳᠠᠬᠤ ᠦᠭᠡᠢ᠂ ᠬᠥᠭᠵᠢᠯᠲᠡ ᠶᠢ ᠠᠬᠢᠭᠤᠯᠬᠤ ᠬᠦᠴᠦᠷᠬᠡᠭ | ᠶᠡᠭᠡ ᠬᠥᠳᠡᠯᠭᠡᠬᠦ ᠬᠦᠴᠦᠨ ᠢ ᠪᠤᠢ ᠪᠣᠯᠭᠠᠬᠤ ᠳᠤ ᠤᠷᠲᠤ ᠬᠤᠭᠤᠴᠠᠭᠠᠨ ᠤ ᠪᠠᠷᠢᠮᠲᠠᠯᠠᠯ ᠤᠨ ᠶᠠᠪᠤᠴᠠ ᠪᠠᠶᠢᠬᠤ ᠬᠡᠷᠡᠭᠲᠡᠢ᠃ | ᠶᠡᠷᠦᠩᠬᠡᠢ ᠱᠦᠵᠢ ᠰᠢ ᠶᠢᠨ ᠫᠢᠩ᠂ ︽ᠡᠷᠬᠡᠪᠰᠢ ᠪᠠᠴᠢᠮ ᠲᠤᠯᠭᠠᠮ ᠰᠡᠳᠬᠢᠯᠭᠡ ᠪᠠᠨ ᠤᠯᠠᠮ ᠴᠢᠨᠠᠭᠰᠢᠳᠠ | ᠴᠢᠩᠭᠠᠳᠬᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠡᠷᠴᠢᠮ ᠢᠶᠠᠨ ᠤᠯᠠᠮ ᠴᠢᠨᠠᠭᠰᠢᠳᠠ | ᠴᠢᠩᠭᠠᠷᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠥᠷᠢᠰᠥᠯᠳᠦᠭᠡᠨ ᠪᠠ ᠢᠷᠡᠭᠡᠳᠦᠢ ᠶᠢᠨ ᠬᠥᠭᠵᠢᠯᠲᠡ ᠶᠢᠨ | ᠠᠰᠢᠭᠲᠠᠢ ᠪᠠᠶᠢᠷᠢ ᠶᠢ ᠵᠠᠪᠳᠤᠨ ᠡᠵᠡᠯᠡᠬᠦ ᠬᠡᠷᠡᠭᠲᠡᠢ︾ ᠭᠡᠵᠦ ᠴᠢᠬᠤᠯᠠᠴᠢᠯᠠᠪᠠ᠂ ᠡᠷᠳᠡᠮ ᠰᠢᠨᠵᠢᠯᠡᠭᠡᠨ ᠤ ᠠᠵᠢᠯᠲᠠᠳ ᠢ ︽︿ | ᠬᠥᠮᠦᠨ ᠤ ᠠᠮᠢᠳᠤᠷᠠᠯ ᠳᠤ ᠲᠡᠮᠡᠴᠡᠬᠦ ᠠᠵᠠ ᠳᠣᠬᠢᠶᠠᠯ ᠬᠡᠳᠦ ᠯᠡ ᠤᠳᠠᠭ᠎ᠠ ᠪᠠᠶᠢᠬᠤ ᠪᠣᠢ﹀ ᠭᠡᠬᠦ ᠡᠷᠴᠢ ᠵᠣᠷᠢᠭ ᠢᠶᠠᠷ | ᠵᠣᠷᠢᠭᠲᠠᠢ ᠪᠠᠷ ᠰᠢᠨ᠎ᠡ ᠶᠢ ᠡᠭᠦᠳᠴᠦ ᠡᠭᠦᠳᠦᠨ ᠪᠦᠲᠦᠭᠡᠬᠦ ᠬᠡᠷᠡᠭᠲᠡᠢ︾ ᠭᠡᠵᠦ ᠵᠣᠷᠢᠭᠵᠢᠭᠤᠯᠪᠠ᠃ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯᠳᠤᠭᠠᠨ ᠤ ︽ | ᠲᠣᠭᠲᠠᠭᠠᠯ︾ ᠳᠤ ︽ᠪᠥᠬᠦ ᠲᠠᠯ᠎ᠠ ᠪᠠᠷ ᠰᠢᠨ᠎ᠡ ᠶᠢ ᠡᠭᠦᠳᠬᠦ ᠶᠢ ᠳᠡᠮᠵᠢᠬᠦ ᠪᠠᠶᠢᠭᠤᠯᠤᠯ ᠲᠣᠭᠲᠠᠴᠠ ᠶᠢ ᠴᠣᠭᠴᠠᠯᠠᠬᠤ︾ ᠶᠢ | ᠳᠤᠷᠠᠳᠴᠤ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠪᠠᠶᠢᠭᠤᠯᠤᠯ | ᠲᠣᠭᠲᠠᠴᠠ ᠶᠢ ᠨᠢᠭᠡ ᠴᠤᠭᠴᠠᠵᠢᠭᠤᠯᠤᠭᠰᠠᠨ ᠥᠭᠡᠷᠡᠴᠢᠯᠡᠯᠲᠡ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠶᠠᠭ ᠱᠠᠯᠠᠪᠳᠠᠨ | ᠬᠡᠷᠡᠭᠵᠢᠭᠦᠯᠬᠦ ᠶᠢ ᠨᠢᠭᠡᠳᠦᠯᠲᠡᠶ ᠲᠦᠯᠦᠪᠯᠡᠨ ᠠᠬᠢᠭᠤᠯᠵᠤ ᠪᠣᠢ᠃ ᠨᠢᠳᠤᠨᠤᠨ ᠤ ᠮᠠᠨ ᠤ ᠤᠯᠤᠰ ᠤᠨ R&D ᠤᠨ | ᠰᠤᠳᠤᠯᠤᠨ ᠨᠡᠬᠡᠬᠡᠬᠦ ᠳᠤ ᠵᠠᠷᠤᠴᠠᠭᠤᠯᠤᠭᠰᠠᠨ ᠪᠡᠯᠡ ᠣᠷᠣᠭᠤᠯᠤᠯᠲᠠ ᠶᠢᠨ ᠶᠡᠷᠦᠩᠬᠡᠢ ᠬᠡᠮᠵᠢᠶ᠎ᠡ ᠠᠩᠬ᠎ᠠ ᠤᠳᠠᠭ᠎ᠠ 3.3 | ᠲᠥᠮᠡᠨ ᠳ᠋ᠦᠩᠰᠢᠭᠤᠷ ᠲᠦᠭᠦᠷᠢᠭ ᠢ ᠳᠠᠪᠠᠵᠤ᠂ ᠳᠡᠯᠡᠬᠡᠢ ᠶᠢᠨ ᠬᠤᠶᠠᠳᠤᠭᠠᠷ ᠲᠤ ᠵᠢᠭᠰᠠᠭᠠᠭᠳᠠᠪᠠ᠃ | ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠵᠦ᠂ ᠰᠠᠨᠲᠤᠷᠴᠤ | ᠪᠣᠯᠬᠤ ᠦᠭᠡᠢ ᠮᠥᠷᠲᠡᠭᠡᠨ ᠪᠠᠰᠠ ᠬᠦᠯᠢᠶᠡᠵᠦ ᠪᠣᠯᠬᠤ ᠦᠭᠡᠢ᠂ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ | ᠪᠠᠲᠤᠯᠠᠵᠤ᠂ ᠴᠥᠬᠦᠷᠡᠰᠢ ᠦᠭᠡᠢ ᠪᠠᠷ ᠪᠠᠷᠢᠮᠲᠠᠯᠠᠪᠠᠯ ᠪᠢᠳᠡ ᠯᠠᠪᠲᠠᠢ ︽ᠪᠣᠭᠤᠮᠢ︾ ᠶᠢᠨ ᠠᠰᠠᠭᠤᠳᠠᠯ ᠢ ᠰᠢᠪᠲᠤᠯᠵᠤ᠂ | ᠬᠥᠭᠵᠢᠯᠲᠡ ᠶᠢᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠨ᠎ᠡ ᠭᠡᠳᠡᠭ ᠲᠤ ᠢᠲᠡᠭᠡᠵᠦ ᠪᠠᠶᠢᠨ᠎ᠠ᠃ | ︽ᠶᠠᠪᠤᠬᠤ ᠵᠠᠮ ᠵᠥᠪ ᠪᠣᠯ ᠬᠤᠯᠠ ᠵᠠᠢ ᠠᠴᠠ ᠠᠶᠤᠬᠤ ᠦᠭᠡᠢ︾ |