ᠬᠥᠨᠳᠡᠯᠡᠨ ᠲᠣᠭᠤᠷᠢᠭ ᠤᠨ ︽ᠰᠡᠳᠬᠢᠯ ᠢ ᠲᠤᠯᠠᠭᠠᠴᠠᠭᠤᠯᠤᠬᠰᠠᠨ ᠨᠡᠭᠦᠷᠡᠰᠦ︾ ᠤᠯᠠᠨ ᠲᠦᠮᠡᠨ ᠢ ᠳᠤᠯᠠᠭᠠᠨ ᠡᠪᠦᠯᠵᠢᠭᠦᠯᠬᠦ ᠪᠤᠯᠤᠨ᠎ᠠ
ᠨᠡᠶᠢᠲᠡᠯᠡᠭᠰᠡᠨ ᠴᠠᠭ᠄
2024/11/15
    ︽ᠰᠡᠳᠬᠢᠯ ᠢ ᠲᠤᠯᠠᠭᠠᠴᠠᠭᠤᠯᠤᠬᠰᠠᠨ ᠨᠡᠭᠦᠷᠡᠰᠦ︾ ᠲᠠᠷᠬᠠᠭᠠᠬᠤ ᠶᠢ ᠰᠢᠨᠵᠢᠯᠡᠬᠦ ᠤᠬᠠᠭᠠᠨᠴᠢ ᠪᠠᠷ ᠬᠢᠨᠠᠨ ᠬᠠᠮᠢᠶᠠᠷᠴᠤ᠂ ᠡᠮᠬᠢ ᠵᠢᠷᠤᠮ ᠲᠠᠢ ᠲᠣᠬᠢᠷᠠᠭᠤᠯᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠬᠥᠨᠳᠡᠯᠡᠨ ᠲᠣᠭᠤᠷᠢᠭ ᠤᠷᠢᠳᠴᠢᠯᠠᠨ ᠲᠣᠬᠢᠷᠠᠭᠤᠯᠤᠨ ᠪᠠᠶᠢᠷᠢᠯᠠᠭᠤᠯᠵᠤ᠂ ᠪᠥᠬᠦ ᠲᠤᠭᠤᠷᠢᠭ ᠤᠨ ︽ᠰᠡᠳᠬᠢᠯ ᠢ ᠲᠤᠯᠠᠭᠠᠴᠠᠭᠤᠯᠤᠬᠰᠠᠨ ᠨᠡᠭᠦᠷᠡᠰᠦ︾ ᠶᠢ ᠲᠡᠭᠡᠭᠡᠪᠦᠷᠢᠯᠡᠬᠦ ᠪᠠ ᠲᠠᠷᠬᠠᠭᠠᠬᠤ ᠠᠵᠢᠯ ᠢ ᠦᠨᠡᠨ ᠬᠦ ᠰᠠᠶᠢᠲᠤᠷ ᠬᠢᠵᠦ᠂ ᠣᠯᠠᠨ ᠲᠦᠮᠡᠨ ᠤ ᠳᠤᠯᠠᠭᠠᠨ ᠪᠦᠯᠢᠶᠡᠨ ᠡᠪᠦᠯᠵᠢᠬᠦ ᠶᠢ ᠦᠨᠡᠨ ᠬᠦ ᠪᠠᠲᠤᠯᠠᠪᠠ᠃ ᠨᠡᠬᠦᠷᠡᠰᠦ ᠶᠢ ᠲᠠᠷᠬᠠᠭᠠᠬᠤ ᠲᠤᠬᠠᠶ ᠶᠢᠨ ᠲᠠᠯᠠᠪᠤᠷ ᠲᠤ ᠮᠠᠯᠴᠢᠨ ᠲᠠᠷᠢᠶᠠᠴᠢᠨ ᠳᠠᠩᠰᠠᠯᠠᠭᠤᠯᠬᠤ᠂ ᠨᠡᠭᠦᠷᠡᠰᠦ ᠪᠠᠨ ᠠᠪᠬᠤ᠂ ᠨᠡᠭᠦᠷᠡᠰᠦ     ᠰᠠᠪᠠᠯᠠᠬᠤ᠂ ᠨᠡᠭᠦᠷᠡᠰᠦ ᠲᠡᠭᠡᠭᠡᠪᠦᠷᠢᠯᠡᠬᠦ ᠵᠡᠷᠭᠡ ᠡᠮᠬᠢ ᠳᠢᠭᠯᠢᠮ ᠲᠠᠢ ᠶᠠᠪᠤᠬᠳᠠᠵᠤ ᠪᠠᠶᠢᠯ᠎ᠠ᠃ ᠳᠤᠯᠠᠭᠠᠯᠠᠯᠭ᠎ᠠ ᠶᠢᠨ ᠬᠤᠭᠤᠴᠠᠭᠠᠨ ᠳᠤ ︽ᠰᠡᠳᠬᠢᠯ ᠶᠢ ᠲᠤᠯᠠᠭᠠᠴᠠᠭᠤᠯᠤᠬᠰᠠᠨ ᠨᠡᠬᠦᠷᠡᠰᠦ︾ ᠶᠢᠨ ᠬᠡᠰᠡᠭᠲᠦ ᠨᠡᠭᠦᠷᠡᠰᠦ ᠶᠢ ᠲᠣᠨ ᠪᠦᠷᠢ  ᠳᠡᠭᠡᠨ 505 ᠲᠥᠭᠦᠷᠢᠭ ᠢᠶᠠᠷ ᠬᠠᠩᠭᠠᠵᠦ᠂ ᠡᠯ᠎ᠡ ᠲᠥᠷᠥᠯ ᠤᠨ ᠬᠦᠴᠢᠷᠳᠡᠯᠲᠡᠶ ᠡᠷᠦᠬᠡ᠂ ᠲᠣᠰᠬᠤᠨ ᠤ ᠵᠢᠭᠰᠠᠭᠠᠯ ᠤᠨ ᠭᠠᠵᠠᠷ᠂ ᠠᠯᠪᠠᠨ ᠠᠴᠠ ᠡᠷᠭᠢᠯᠡᠭᠰᠡᠨ ᠨᠠᠰᠤᠲᠠᠨ ᠢ ᠠᠰᠠᠷᠠᠬᠤ ᠬᠦᠷᠢᠶᠡᠯᠡᠩ ᠳᠤ ︽ᠰᠡᠳᠬᠢᠯ ᠶᠢ ᠲᠤᠯᠠᠭᠠᠴᠠᠭᠤᠯᠤᠬᠰᠠᠨ ᠨᠡᠭᠦᠷᠡᠰᠦ︾ ᠶᠢ ᠦᠨ᠎ᠡ ᠲᠥᠯᠥᠪᠦᠷᠢ ᠥᠬᠡᠶ ᠪᠠᠷ ᠬᠠᠩᠭᠠᠵᠤ᠂ ᠪᠥᠬᠦ ᠲᠤᠭᠤᠷᠢᠭ ᠤᠨ ᠮᠠᠯᠴᠢᠨ ᠲᠠᠷᠢᠶᠠᠴᠢᠳ ᠤᠨ ︽ᠬᠡᠷᠡᠭᠯᠡᠬᠦ ᠨᠡᠭᠦᠷᠡᠰᠦ ᠲᠠᠢ᠂ ᠬᠤᠳᠠᠯᠳᠤᠨ ᠠᠪᠴᠤ ᠳᠡᠶᠢᠯᠬᠦ︾ ᠶᠢ ᠦᠨᠡᠨᠬᠦ ᠪᠠᠲᠤᠯᠠᠪᠠ᠃ ︵ᠪᠤᠷᠬᠠᠨᠲᠤ ᠪᠠᠯᠭᠠᠰᠤ᠂ ᠬᠦᠨᠳᠡᠯᠡᠨ ᠭᠤᠤᠯ ᠪᠠᠯᠭᠠᠰᠤ᠂ ᠪᠦᠯᠬᠦᠮᠳᠡᠯ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号