ᠬᠥᠨᠳᠡᠯᠡᠨ ᠲᠣᠭᠤᠷᠢᠭ ᠤᠨ ︽ᠲᠠᠪᠤᠨ ᠲᠠᠯ᠎ᠠ ᠪᠠᠷ ᠬᠦᠴᠦᠯᠡᠵᠤ ᠲᠠᠪᠤ ᠶᠢ ᠠᠬᠢᠭᠤᠯᠬᠤ︾ ᠵᠠᠬᠪᠤᠷ ᠨᠢ ᠬᠦᠯᠦᠰᠦᠨ ᠮᠠᠯᠴᠢᠨ ᠲᠠᠷᠢᠶᠠᠴᠢᠨ ᠳᠤ ᠬᠠᠤᠯᠢ ᠴᠠᠭᠠᠵᠠ ᠶᠢᠨ ᠲᠤᠰᠠᠯᠠᠮᠵᠢ ᠦᠵᠡᠬᠦᠯᠵᠤ ᠡᠷᠬᠡ ᠠᠰᠢᠭ ᠢ ᠬᠠᠮᠠᠭᠠᠯᠠᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠪᠠ
ᠨᠡᠶᠢᠲᠡᠯᠡᠭᠰᠡᠨ ᠴᠠᠭ᠄
2024/11/15
     ᠨᠢᠭᠡ ᠳᠤ᠂ ᠦᠶᠯᠡᠴᠢᠯᠡᠭᠡᠨ ᠤ ᠵᠠᠭᠪᠤᠷ ᠤᠨ ᠲᠠᠯ᠎ᠠ ᠪᠠᠷ ︽ᠣᠶᠤᠨ ᠤᠬᠠᠭᠠᠨ ᠬᠡᠷᠡᠭᠯᠡᠪᠠ︾᠃ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ᠬᠠᠤᠯᠢ ᠴᠠᠭᠠᠵᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠵᠡᠷᠭᠡ ᠰᠠᠯᠠᠭ᠎ᠠ ᠮᠥᠴᠢᠷ ᠬᠠᠮᠳᠤᠷᠠᠨ ︽ᠣᠯᠠᠨ ᠲᠠᠯ᠎ᠠ ᠪᠠᠷ ᠬᠠᠮᠲᠤᠷᠠᠨ ᠬᠥᠳᠡᠯᠦᠯᠴᠡᠬᠦ︾ ᠲᠣᠭᠲᠠᠴᠠ ᠶᠢ ᠪᠠᠶᠢᠭᠤᠯᠵᠤ᠂ ᠡᠷᠬᠡ ᠠᠰᠢᠭ ᠢᠶᠠᠨ ᠬᠠᠮᠠᠭᠠᠯᠠᠬᠤ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠪᠡ᠃ ᠬᠤᠶᠠᠷ ᠲᠤ  ᠂ ᠦᠶᠯᠡᠴᠢᠯᠡᠭᠡ ᠶᠢ ᠰᠢᠯᠢᠳᠡᠭᠵᠢᠭᠦᠯᠬᠦ ᠲᠠᠯ᠎ᠠ ᠪᠠᠷ ︽ᠬᠦᠴᠦ ᠤᠷᠤᠭᠤᠯᠪᠠ︾᠃ ᠪᠥᠬᠦ ᠴᠠᠭ ᠣᠷᠣᠨ ᠵᠠᠶ᠂ ᠪᠥᠬᠦ ᠲᠤᠬᠠᠶᠢᠯᠠᠭᠰᠠᠨ ᠠᠵᠢᠯ᠂ ᠪᠦᠬᠦᠨ ᠢ ᠪᠦᠷᠬᠦᠬᠦᠯᠦᠭᠰᠡᠨ ᠬᠦᠯᠦᠰᠦᠨ ᠮᠠᠯᠴᠢᠨ ᠲᠠᠷᠢᠶᠠᠴᠢᠨ ᠤ ᠡᠷᠬᠡ ᠠᠰᠢᠭ ᠢ ᠬᠠᠮᠠᠭᠠᠯᠠᠬᠤ ᠬᠠᠤᠯᠢ ᠴᠠᠭᠠᠵᠠ ᠶᠢᠨ ᠲᠤᠰᠠᠯᠠᠮᠵᠢ ᠶᠢᠨ ᠦᠶᠯᠡᠴᠢᠯᠡᠭᠡᠨ ᠤ ᠲᠤᠤᠷ ᠰᠦᠯᠵᠢᠶ᠎ᠡ ᠶᠢ ᠪᠠᠶᠢᠭᠤᠯᠪᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠬᠢᠭᠡᠳ ︽ᠬᠠᠤᠯᠢ ᠴᠠᠭᠠᠵᠠ ᠶᠢᠨ ᠲᠤᠰᠠᠯᠠᠮᠵᠢ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠰᠢᠰᠲ᠋ᠧᠮ︾ ᠳᠤ ᠲᠦᠰᠢᠭᠯᠡᠨ᠂ ᠰᠦᠯᠵᠢᠶᠡᠨ ᠳᠡᠭᠡᠷ᠎ᠡ ᠬᠠᠤᠯᠢ ᠴᠠᠭᠠᠵᠠ ᠶᠢᠨ ᠲᠤᠰᠠᠯᠠᠮᠵᠢ ᠭᠤᠶᠤᠴᠢᠯᠠᠬᠤ ᠴᠢᠳᠠᠮᠵᠢ ᠶᠢ ᠪᠡᠶᠡᠯᠡᠭᠦᠯᠪᠠ᠃ ᠭᠤᠷᠪᠠ ᠳᠤ᠂ ᠭᠤᠣᠯ ᠰᠡᠳᠦᠪᠲᠦ ᠠᠵᠢᠯᠯᠠᠭ᠎ᠠ ᠶᠢ ᠦᠷᠨᠢᠬᠦᠯᠬᠦ ᠳᠡᠭᠡᠷ᠎ᠡ ︽ᠬᠦᠴᠦᠯᠡᠪᠠ︾᠃ ︽ᠬᠠᠤᠯᠢ ᠴᠠᠭᠠᠵᠠ ᠶᠢᠨ ᠲᠤᠰᠠᠯᠠᠮᠵᠢ ᠪᠠᠷ ᠠᠷᠠᠳ ᠲᠤ ᠠᠰᠢᠭ ᠬᠦᠷᠲᠡᠭᠡᠬᠦ · ᠬᠦᠯᠦᠰᠦᠨ ᠮᠠᠯᠴᠢᠨ ᠲᠠᠷᠢᠶᠠᠴᠢᠨ ᠳᠤ ᠲᠤᠰᠠᠯᠠᠬᠤ︾ ᠬᠠᠤᠯᠢ ᠴᠠᠭᠠᠵᠠ ᠶᠢᠨ ᠲᠤᠰᠠᠯᠠᠮᠵᠢ ᠶᠢᠨ ᠲᠦᠷᠦᠯ ᠲᠡᠮᠳᠡᠭ ᠤᠨ ᠪᠠᠶᠢᠭᠤᠯᠤᠯᠲᠠ ᠶᠢ ᠬᠦᠴᠦᠯᠡᠨ ᠭᠦᠨᠵᠡᠭᠡᠶᠢᠷᠡᠭᠦᠯᠵᠦ᠂ ᠦᠢᠯᠡᠴᠢᠯᠡᠭᠡᠨ ᠤ ᠪᠦᠯᠬᠦᠮ ᠨᠡᠶᠢᠲᠡ ᠶᠢ ᠵᠣᠬᠢᠶᠠᠨ ᠪᠠᠶᠢᠭᠤᠯᠬᠤ᠂ ᠬᠦᠯᠦᠰᠦᠨ ᠮᠠᠯᠴᠢᠨ ᠲᠠᠷᠢᠶᠠᠴᠢᠨ ᠤ ᠡᠷᠬᠡ ᠠᠰᠢᠭ ᠢ ᠬᠠᠮᠠᠭᠠᠯᠠᠬᠤ ᠬᠡᠷᠡᠭ ᠤᠨ ︽ᠲᠤᠰᠠᠯᠠᠮᠵᠢ ᠬᠦᠷᠳᠡᠭᠰᠡᠳ ᠬᠠᠤᠯᠢᠴᠢ ᠶᠢ ᠰᠤᠩᠭᠤᠵᠤ ᠲᠤᠰᠠᠯᠠᠬᠤ ᠳᠦᠷᠢᠮ︾ ᠢ ᠬᠡᠷᠡᠭᠵᠢᠭᠦᠯᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠬᠦᠯᠦᠰᠦᠨ  ᠮᠠᠯᠴᠢᠨ ᠲᠠᠷᠢᠶᠠᠴᠢᠨ ᠳᠤ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠵᠦ ᠡᠷᠬᠡ ᠠᠰᠢᠭ ᠢ ᠨᠢ ᠬᠠᠮᠠᠭᠠᠯᠠᠬᠤ ᠠᠵᠢᠯ ᠢ ᠬᠦᠴᠦᠯᠡᠨ ᠠᠬᠢᠭᠤᠯᠪᠠ᠃ ᠳᠥᠷᠪᠡ ᠳᠤ᠂ ᠡᠷᠬᠡ ᠠᠰᠢᠭ ᠢᠶᠠᠨ ᠬᠠᠮᠠᠭᠠᠯᠠᠬᠤ ᠦᠶᠯᠡᠴᠢᠯᠡᠭᠡᠨ ᠤ ᠲᠠᠯ᠎ᠠ ᠪᠠᠷ ︽ᠬᠠᠶᠢᠷ᠎ᠠ ᠰᠡᠳᠬᠢᠯᠭᠡ ᠲᠠᠢ ᠪᠠᠶᠢᠬᠤ︾ ᠶᠢ ᠡᠷᠬᠢᠮᠯᠡᠪᠡ᠃  ᠬᠡᠷᠡᠭ ᠢ ᠠᠩᠬ᠎ᠠ ᠭᠥᠯᠢᠶᠡᠨ ᠠᠪᠤᠭᠴᠢ ᠬᠠᠷᠢᠭᠤᠴᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠰᠦᠯᠵᠢᠶᠡᠨ ᠳᠡᠭᠡᠷᠡᠬᠢ ᠪᠠ ᠪᠤᠳᠠᠳᠤ ᠴᠤᠬᠴᠠ ᠶᠢᠨ ᠦᠶᠯᠡᠴᠢᠯᠡᠭᠡᠨ ᠤ ᠲᠠᠪᠴᠠᠩ ᠤᠨ ᠨᠢᠭᠡ ᠥᠷᠲᠡᠭᠡᠴᠢᠯᠡᠭᠰᠡᠨ ᠮᠠᠶ᠋ᠢᠭ ᠢᠶᠠᠷ ᠭᠥᠯᠢᠶᠡᠨ ᠠᠪᠴᠤ ᠰᠢᠶᠳᠪᠦᠷᠢᠯᠡᠬᠦ ᠶᠢ ᠪᠡᠶᠡᠯᠡᠭᠦᠯᠪᠠ᠃ ᠴᠠᠯᠢᠩ ᠬᠦᠯᠦᠰᠦ ᠪᠠᠨ ᠨᠡᠬᠡᠬᠦ ᠬᠡᠷᠡᠭ ᠤᠨ ᠠᠵᠢᠯ ᠤᠨ ᠡᠬᠡ ᠳᠠᠩᠰᠠ ᠶᠢ ᠪᠠᠶᠢᠭᠤᠯᠵᠤ᠂ ᠬᠡᠷᠡᠭ ᠢ ᠰᠢᠯᠵᠢᠭᠦᠯᠦᠨ ᠰᠢᠢᠳᠪᠦᠷᠢᠯᠡᠭᠦᠯᠬᠦ᠂ ᠰᠢᠢᠳᠪᠦᠷᠢᠯᠡᠬᠦ ᠳᠤ ᠬᠦᠴᠢᠷᠲᠡᠢ ᠬᠡᠷᠡᠭ ᠵᠡᠷᠭᠡ ᠶᠢ ︽ᠨᠢᠭᠡ ᠬᠡᠷᠡᠭ ᠲᠤ ᠨᠢᠭᠡ ᠱᠠᠯᠠᠪᠳᠠᠭᠤᠯᠤᠨ ᠰᠢᠢᠳᠪᠦᠷᠢᠯᠡᠭᠦᠯᠬᠦ ᠠᠷᠭ᠎ᠠ︾ ᠶᠢ ᠬᠡᠷᠡᠭᠵᠢᠭᠦᠯᠪᠡ᠃     ᠲᠠᠪᠤ ᠳᠤ᠂ ᠤᠬᠠᠭᠤᠯᠭ᠎ᠠ ᠶᠢ ᠥᠷᠭᠡᠳᠬᠡᠬᠦ ᠲᠠᠯ᠎ᠠ ᠪᠠᠷ ︽ᠰᠡᠳᠬᠢᠯ ᠲᠠᠯᠪᠢᠪᠠ︾᠃ ︽ᠬᠠᠤᠯᠢ ᠴᠠᠭᠠᠵᠠ ᠶᠢᠨ ᠲᠤᠰᠠᠯᠠᠮᠵᠢ ᠪᠠᠷ ᠠᠷᠠᠳ ᠲᠤ ᠠᠰᠢᠭ ᠬᠦᠷᠲᠡᠭᠡᠬᠦ · ᠬᠦᠯᠦᠰᠦᠨ ᠮᠠᠯᠴᠢᠨ ᠲᠠᠷᠢᠶᠠᠴᠢᠨ ᠳᠤ ᠲᠤᠰᠠᠯᠠᠬᠤ︾ ᠵᠡᠷᠭᠡ ᠨᠡᠶᠢᠲᠡ ᠶᠢᠨ ᠠᠰᠠᠷᠠᠮᠵᠢ ᠶᠢᠨ ᠬᠠᠤᠯᠢ ᠴᠠᠭᠠᠵᠠ ᠶᠢᠨ ᠦᠶᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠪᠠ᠃ ᠰᠣᠨᠢᠨ ᠰᠡᠳᠬᠦᠯ᠂ ᠰᠦᠯᠵᠢᠶᠡᠨ ᠥᠷᠲᠡᠭᠡ ᠵᠡᠷᠭᠡ ᠮᠡᠳᠡᠭᠡ ᠵᠠᠩᠭᠢ ᠶᠢᠨ ᠵᠠᠭᠤᠴᠢᠯᠠᠭᠤᠷ ᠢ ᠠᠰᠢᠭᠯᠠᠨ᠂ ᠨᠡᠶᠢᠲᠡᠯᠢᠭ ᠬᠡᠷᠡᠭ ᠤᠨ ᠵᠢᠱᠢᠶ᠎ᠡ ᠪᠣᠯᠤᠨ ᠲᠡᠷᠢᠭᠦᠨ ᠤ ᠨᠡᠶᠢᠲᠡᠯᠢᠭ ᠵᠢᠱᠢᠶ᠎ᠡ ᠶᠢ ᠤᠬᠠᠭᠤᠯᠬᠤ ᠡᠷᠴᠢᠮ ᠪᠠᠨ ᠴᠢᠩᠭᠠᠷᠠᠭᠤᠯᠪᠠ᠃ ᠣᠳᠣᠬᠠᠨ ᠪᠣᠯᠲᠠᠯ᠎ᠠ᠂ ᠬᠥᠨᠳᠡᠯᠡᠨ ᠲᠣᠭᠤᠷᠢᠭ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ᠨᠢ ᠬᠦᠯᠦᠰᠦᠨ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠬᠦ ᠬᠡᠷᠡᠭ ᠢ ᠨᠡᠶᠢᠲᠡ 75 ᠬᠤᠪᠢ ᠭᠥᠯᠢᠶᠡᠨ ᠠᠪᠴᠤ ᠰᠢᠶᠳᠪᠦᠷᠢᠯᠡᠨ᠂ 230 ᠲᠦᠮᠡᠨ ᠲᠥᠭᠦᠷᠢᠭ ᠪᠦᠬᠦᠢ ᠴᠠᠯᠢᠩ ᠬᠦᠯᠦᠰᠦ ᠶᠢ ᠨᠡᠬᠡᠵᠤ ᠠᠪᠴᠤ ᠦᠭᠴᠡᠢ᠃ ︵ᠬᠠᠤᠯᠢ ᠴᠠᠭᠠᠵᠠ ᠶᠢᠨ ᠲᠣᠪᠴᠢᠶ᠎ᠠ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号