ᠨᠠᠰᠤᠲᠠᠶᠢᠴᠤᠳ ᠤᠨ ᠢᠳᠡᠭᠡᠨ ᠤᠮᠳᠠᠭᠠᠨ ᠤ ᠠᠮᠤᠷ ᠲᠦᠪᠰᠢᠨ ᠢ ᠪᠠᠲᠤᠯᠠᠬᠤ ᠶᠢᠨ ᠲᠦᠯᠦᠬᠡ᠂ | ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠳᠠ ᠬᠠᠮᠢᠶᠠᠷᠤᠯᠳᠠ ᠶᠢᠨ ᠲᠣᠪᠴᠢᠶ᠎ᠠ ᠨᠢ ᠲᠣᠭᠤᠷᠢᠭ ᠤᠨ ᠠᠷᠠᠳ ᠤᠨ | ᠶᠠᠪᠤᠳᠠᠯ ᠤᠨ ᠲᠣᠪᠴᠢᠶ᠎ᠠ ᠲᠠᠢ ᠬᠠᠮᠲᠤᠷᠠᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠤᠭᠤᠯᠠᠨ ᠭᠡᠷ ᠤᠨ | ᠢᠳᠡᠭᠡᠨ ᠤ ᠠᠮᠤᠷ ᠲᠦᠪᠰᠢᠨ ᠤ ᠲᠤᠰᠬᠠᠶ ᠪᠠᠶᠢᠴᠠᠭᠠᠯᠲᠠ ᠥᠷᠨᠢᠭᠦᠯᠪᠠ᠃ ᠲᠣᠰ ᠤᠳᠠᠭᠠᠨ ᠤ ᠪᠠᠶᠢᠴᠠᠭᠠᠯᠲᠠ ᠳᠤ | ᠭᠤᠤᠯᠳᠠᠭᠤ ᠬᠤᠭᠤᠯᠠᠨ ᠬᠡᠷ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠲᠣᠨᠤᠭ ᠲᠥᠬᠦᠭᠡᠷᠦᠮᠵᠢ᠂ | ᠡᠳ᠋ᠰᠢᠭᠦᠯᠦᠨ ᠦᠶᠯᠡᠳᠬᠦ ᠶᠠᠪᠤᠴᠠ᠂ ᠬᠤᠭᠤᠯᠠᠨ ᠬᠡᠷ ᠲᠤ ᠠᠵᠢᠯᠯᠠᠭᠰᠠᠳ ᠤᠨ ᠡᠷᠡᠭᠦᠯ ᠮᠡᠨᠳᠦ ᠶᠢᠨ ᠬᠠᠮᠢᠶᠠᠷᠤᠯᠲᠠ᠂ | ᠢᠳᠡᠭᠡᠨ ᠤᠮᠳᠠᠭᠠᠨ ᠤ ᠬᠡᠷᠡᠭᠰᠡᠯ ᠢ ᠤᠬᠢᠶᠠᠨ ᠴᠡᠪᠡᠷᠯᠡᠵᠦ ᠠᠷᠢᠭᠤᠳᠬᠠᠬᠤ᠂ ᠢᠳᠡᠭᠡᠨ ᠤ ᠥᠯᠢᠭᠡᠷ ᠡᠳ᠋ ᠢ | ᠦᠯᠡᠳᠡᠭᠡᠬᠦ᠂ ᠢᠳᠡᠭᠡᠨ ᠤ ᠲᠦᠭᠦᠬᠡᠶ ᠮᠠᠲ᠋ᠧᠷᠢᠶᠠᠯ ᠢ ᠬᠠᠳᠠᠭᠠᠯᠠᠬᠤ ᠵᠡᠷᠭᠡ ᠲᠠᠯ᠎ᠠ ᠪᠠᠷ ᠭᠤᠤᠯᠳᠠᠯᠭ᠎ᠠ ᠲᠠᠢ ᠵᠢᠭᠰᠠᠭᠠᠨ | ᠪᠠᠶᠢᠴᠠᠭᠠᠬᠤ ᠶᠢᠨ ᠬᠠᠮᠲᠤ᠂ ᠬᠠᠦᠯᠢ ᠶᠤᠰᠤᠨ ᠤ ᠠᠷᠭ᠎ᠠ ᠵᠠᠮ ᠢᠶᠠᠷ ᠢᠳᠡᠭᠡᠨ ᠵᠢᠴᠢ ᠲᠦᠭᠦᠬᠡᠶ ᠮᠠᠲ᠋ᠧᠷᠢᠶᠠᠯ ᠢ | ᠬᠤᠳᠠᠯᠳᠤᠨ ᠣᠷᠣᠭᠤᠯᠤᠭᠰᠠᠨ ᠡᠰᠡᠬᠦ᠂ ᠢᠳᠡᠭᠡᠨ ᠤ ᠲᠦᠭᠦᠬᠡᠶ ᠮᠠᠲ᠋ᠧᠷᠢᠶᠠᠯ ᠤᠨ ᠦᠨᠡᠮᠯᠡᠯ ᠪᠠᠷᠢᠮᠲᠠ ᠠᠪᠤᠭᠰᠠᠨ | ᠵᠡᠷᠭᠡ ᠪᠠᠷᠠᠭ᠎ᠠ ᠣᠷᠣᠭᠤᠯᠤᠭᠰᠠᠨ ᠡᠬᠡ ᠲᠠᠩᠰᠠ ᠪᠠᠶᠢᠭᠤᠯᠤᠭᠰᠠᠨ ᠡᠰᠡᠬᠦ ᠵᠢᠴᠢ ᠲᠠᠯᠠᠪᠤᠷ ᠭᠠᠵᠠᠷ ᠲᠠᠬᠢ ᠣᠷᠴᠢᠨ | ᠲᠣᠭᠤᠷᠢᠨ ᠤ ᠠᠷᠢᠭᠤᠨ ᠴᠡᠪᠡᠷ ᠢ ᠴᠡᠪᠡᠷ ᠲᠡᠭᠰᠢ ᠪᠠᠶᠢᠯᠭᠠᠭᠰᠠᠨ ᠡᠰᠡᠬᠦ ᠵᠡᠷᠭᠡ ᠶᠢ ᠭᠦᠨᠵᠡᠭᠡᠶ ᠵᠢᠭᠰᠠᠭᠠᠨ | ᠪᠠᠶᠢᠴᠠᠭᠠᠪᠠ᠃ ᠲᠤᠬᠠᠶ ᠶᠢᠨ ᠲᠠᠯᠠᠪᠠᠶ ᠳᠤ ᠵᠠᠷᠢᠮ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠤᠭᠤᠯᠠᠨ | ᠬᠡᠷ ᠤᠨ ᠤᠬᠢᠶᠠᠨ ᠴᠡᠪᠡᠷᠯᠡᠬᠦ ᠤᠩᠭᠤᠴᠠᠨ ᠳᠤ ᠲᠡᠮᠳᠡᠭ ᠢᠯᠡᠳᠭᠡᠮᠵᠢ ᠥᠬᠡᠶ᠂ ᠬᠦᠶᠲᠡᠨ ᠢᠶᠠᠷ ᠬᠠᠳᠠᠭᠠᠯᠠᠬᠤ | ᠠᠪᠳᠠᠷ᠎ᠠ ᠳᠤ ᠳᠤᠯᠠᠭᠠᠨ ᠤ ᠬᠡᠮᠵᠢᠶ᠎ᠡ ᠶᠢ ᠤᠯᠵᠤ ᠦᠵᠡᠬᠦ ᠦᠬᠡᠢ ᠪᠠᠶᠢᠬᠤ ᠵᠡᠷᠭᠡ ᠠᠰᠠᠭᠤᠳᠠᠯ ᠢ ᠢᠯᠡᠷᠡᠭᠦᠯᠵᠦ᠂ | ᠲᠡᠷᠡ ᠳᠠᠷᠤᠶ ᠳᠤᠨᠢ ᠵᠠᠷᠯᠢᠭᠳᠠᠵᠤ ᠪᠠᠷᠢᠨ ᠴᠡᠭᠴᠡᠯᠡᠨ ᠰᠠᠶᠢᠵᠢᠷᠠᠭᠤᠯᠤᠭᠤᠯᠪᠠ᠃ ᠣᠳᠣᠬᠠᠨ ᠪᠣᠯᠲᠠᠯ᠎ᠠ᠂ ᠬᠠᠤᠯᠢ | ᠬᠡᠷᠡᠭᠵᠢᠭᠦᠯᠬᠦ ᠠᠵᠢᠯᠲᠠᠨ ᠢ ᠨᠡᠶᠢᠲᠡ 84 ᠭᠠᠷᠤᠶ ᠬᠥᠮᠦᠨ ᠤᠳᠠᠭ᠎ᠠ ᠬᠥᠳᠡᠯᠭᠡᠵᠦ᠂ 37 ᠡᠷᠦᠬᠡ ︵ᠤᠳᠠᠭ᠎ᠠ︶ | ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠤᠭᠤᠯᠠᠨ ᠭᠡᠷ ᠢ ᠪᠠᠶᠢᠴᠠᠭᠠᠪᠠ᠂ ᠡᠭᠦᠨ ᠳᠤ ᠲᠣᠭᠤᠷᠢᠭ ᠤᠨ | ᠠᠷᠠᠳ ᠤᠨ ᠶᠠᠪᠤᠳᠠᠯ ᠤᠨ ᠲᠣᠪᠴᠢᠶ᠎ᠠ ᠲᠠᠢ ᠬᠠᠮᠲᠤᠷᠠᠨ 15 ᠡᠷᠦᠬᠡ ︵ᠤᠳᠠᠭ᠎ᠠ︶ ᠨᠠᠰᠤᠵᠢᠯ ᠤᠨ ᠠᠰᠠᠷᠠᠮᠵᠢ ᠶᠢᠨ | ᠪᠠᠶᠢᠭᠤᠯᠤᠮᠵᠢ ᠶᠢᠨ ᠬᠤᠭᠤᠯᠠᠨ ᠭᠡᠷ ᠢ ᠪᠠᠶᠢᠴᠠᠭᠠᠵᠤ᠂ ᠥᠲᠡᠯᠪᠡᠯ ᠬᠦᠷᠲᠡᠬᠦ ᠠᠰᠠᠷᠠᠮᠵᠢ ᠲᠠᠢ᠂ ᠢᠳᠡᠬᠦ ᠬᠤᠭᠤᠯᠠ | ᠤᠮᠳᠠ ᠨᠢ ᠠᠮᠤᠷ ᠲᠦᠪᠰᠢᠨ ᠪᠠᠶᠢᠬᠤ ᠶᠢ ᠦᠨᠡᠨ ᠬᠦ ᠪᠡᠶᠡᠯᠡᠭᠦᠯᠵᠦ᠂ ᠢᠳᠡᠭᠡᠨ ᠤ ᠠᠮᠤᠷ ᠲᠦᠪᠰᠢᠨ ᠢ | ᠨᠡᠶᠢᠭᠡᠮ ᠢᠶᠠᠷ ᠢᠶᠠᠨ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ ᠠᠭᠤᠷ ᠠᠮᠢᠰᠬᠤᠯ ᠢ ᠪᠤᠢ ᠪᠣᠯᠭᠠᠵᠤ᠂ ᠨᠠᠰᠤᠵᠢᠯ ᠤᠨ | ᠠᠰᠠᠷᠠᠮᠵᠢ ᠶᠢᠨ ᠦᠶᠯᠡᠴᠢᠯᠡᠭᠡᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠪᠠ᠃ ︵ᠵᠠᠬ᠎ᠠ ᠳᠡᠯᠭᠡᠭᠦᠷ ᠤᠨ ᠬᠢᠨᠠᠯᠳᠠ | ᠬᠠᠮᠢᠶᠠᠷᠤᠯᠳᠠ ᠶᠢᠨ ᠲᠣᠪᠴᠢᠶ᠎ᠠ︶ | |