ᠭᠡᠷ ᠤᠨ ᠴᠠᠬᠢᠯᠭᠠᠨ ᠬᠡᠷᠡᠭᠰᠡᠯ ᠭᠡᠷ ᠤᠨ ᠡᠳ᠋ᠯᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠵᠦ ᠨᠥᠬᠦᠪᠥᠷᠢ ᠥᠭᠬᠦ ᠣᠯᠠᠨ ᠵᠦᠢᠯᠡᠰ ᠢ ᠨᠡᠮᠡᠪᠡ
ᠨᠡᠶᠢᠲᠡᠯᠡᠭᠰᠡᠨ ᠴᠠᠭ᠄
2024/11/18
     ᠫᠧᠩ ᠫᠠᠢ ᠰᠣᠨᠢᠨ ᠮᠡᠳᠡᠭᠡᠨ ᠤ 10 ᠤ ᠡᠳᠦᠷ ᠮᠡᠳᠡᠭᠡᠯᠡᠭᠰᠡᠨ ᠢᠶᠠᠷ᠂ ᠱᠠᠩᠬᠠᠢ ᠨᠢ ᠭᠡᠷ ᠤᠨ ᠴᠠᠬᠢᠯᠭᠠᠨ ᠬᠡᠷᠡᠭᠰᠡᠯ ᠭᠡᠷ ᠤᠨ ᠡᠳ᠋ᠯᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠰᠠᠶᠢᠬᠠᠨ ᠴᠠᠭ ᠦᠶ᠎ᠡ ᠳᠤ ︽ᠳᠡᠯᠭᠡᠨ ᠦᠵᠡᠭᠦᠯᠬᠦ︾ ᠪᠠᠷ ︽ᠬᠡᠷᠡᠭᠯᠡᠭᠡ︾ ᠶᠢ ᠠᠬᠢᠭᠤᠯᠬᠤ ᠬᠡᠯᠪᠡᠷᠢ ᠪᠠᠷ ᠬᠡᠷᠡᠭᠯᠡᠭᠡᠨ ᠤ ᠳᠡᠰ ᠳᠡᠪᠰᠢᠬᠦ ᠶᠢ ᠠᠬᠢᠭᠤᠯᠵᠤ ᠪᠠᠶᠢᠨ᠎ᠠ᠃ ︽ᠱᠠᠩᠬᠠᠶ ᠬᠤᠲᠠ ᠶᠢᠨ ᠤᠯᠤᠰ ᠤᠨ ᠬᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠬᠡᠷᠡᠭᠵᠢᠭᠦᠯᠬᠦ ᠨᠠᠷᠢᠨ ᠲᠦᠷᠢᠮ︾ ᠵᠢᠴᠢ ︽ᠱᠠᠩᠬᠠᠶ ᠬᠤᠲᠠ ᠶᠢᠨ ᠪᠣᠬᠢᠷᠲᠤᠯ ᠥᠬᠡᠶ ᠤᠶᠤᠨᠲᠤ ᠬᠡᠷ ᠤᠨ ᠴᠠᠬᠢᠯᠭᠠᠨ ᠬᠡᠷᠡᠭᠰᠡᠯ ᠭᠡᠷ ᠤᠨ ᠡᠳ᠋ᠯᠡᠯ ᠤᠨ ᠬᠡᠷᠡᠭᠯᠡᠭᠡᠨ ᠤ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠶᠢ ᠬᠦᠴᠦᠯᠡᠨ ᠳᠡᠮᠵᠢᠬᠦ ᠨᠠᠷᠢᠨ     ᠲᠦᠷᠢᠮ︾ ᠤᠨ ᠬᠠᠮᠢᠶ᠎ᠠ ᠪᠥᠬᠦᠶ ᠱᠠᠭᠠᠷᠳᠠᠯᠭ᠎ᠠ ᠶᠢ ᠦᠨᠳᠦᠰᠦᠯᠡᠨ᠂ ᠰᠢᠨ᠎ᠡ ᠪᠠᠷ ᠨᠡᠮᠡᠭᠳᠡᠭᠰᠡᠨ ᠬᠡᠷ ᠤᠨ ᠴᠠᠬᠢᠯᠭᠠᠨ ᠬᠡᠷᠡᠭᠰᠡᠯ ᠬᠡᠷ ᠤᠨ ᠡᠳ᠋ᠯᠡᠯ ᠤᠨ ᠬᠡᠷᠡᠭᠯᠡᠭᠡᠨ ᠤ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢᠨ ᠨᠥᠬᠦᠪᠥᠷᠢ ᠥᠭᠬᠦ ᠵᠦᠢᠯᠡᠰ ᠪᠠ ᠣᠷᠣᠯᠴᠠᠬᠤ ᠠᠵᠤ ᠠᠬᠤᠶᠢᠯᠠᠯ ᠤᠨ ᠨᠡᠷᠡᠰ ︵ᠳᠥᠷᠪᠡᠳᠦᠭᠡᠷ ᠪᠦᠯᠦᠭ︶ ᠢ ᠵᠠᠷᠯᠠᠨ ᠨᠡᠶᠢᠲᠡᠯᠡᠪᠡ᠂ ᠡᠭᠦᠨ ᠳᠤ ᠴᠠᠬᠢᠯᠭᠠᠨ ᠦᠯᠢᠶᠡᠭᠦᠷ᠂ ᠴᠢᠮᠡᠭᠯᠡᠯ ᠳ᠋ᠧᠩ᠂ ᠴᠠᠬᠢᠯᠭᠠᠨ ᠬᠥᠳᠡᠯᠭᠡᠭᠦᠷᠲᠦ ᠬᠦᠷᠳᠦᠲᠦ ᠰᠠᠨᠳᠠᠯᠢ ᠵᠡᠷᠭᠡ ᠨᠥᠬᠦᠪᠥᠷᠢ ᠥᠭᠬᠦ ᠵᠦᠢᠯᠡᠰ ᠢ ᠰᠢᠨ᠎ᠡ ᠪᠠᠷ ᠨᠡᠮᠡᠵᠡᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号