ᠮᠠᠨ ᠤ ᠤᠯᠤᠰ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠤᠷᠢᠳᠴᠢᠯᠠᠨ ᠥᠭᠬᠦ ᠲᠦᠷᠢᠮ ᠢ ᠲᠡᠭᠦᠯᠳᠡᠷᠵᠢᠭᠦᠯᠬᠦ ᠪᠠᠷ ᠪᠠᠶᠢᠨ᠎ᠠ
ᠨᠡᠶᠢᠲᠡᠯᠡᠭᠰᠡᠨ ᠴᠠᠭ᠄
2024/11/18
    11 ᠰᠠᠷ᠎ᠠ ᠶᠢᠨ 11 ᠤ ᠡᠳᠦᠷ᠂ ᠬᠤᠶᠠᠷ ᠰᠠᠯᠠᠭ᠎ᠠ ᠮᠥᠴᠢᠷ ᠬᠠᠮᠲᠤᠷᠠᠨ ︽ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠤᠷᠢᠳᠴᠢᠯᠠᠨ ᠥᠭᠬᠦ ᠠᠵᠢᠯ ᠢ ᠰᠠᠶᠢᠲᠤᠷ ᠬᠢᠬᠦ ᠲᠤᠬᠠᠶ ᠤᠯᠤᠰ ᠤᠨ ᠡᠮ ᠡᠮᠨᠡᠯᠭᠡ ᠶᠢᠨ ᠪᠠᠳᠤᠯᠠᠭ᠎ᠠ ᠶᠢᠨ ᠲᠣᠪᠴᠢᠶ᠎ᠠ ᠶᠢᠨ ᠠᠯᠪᠠᠨ ᠬᠡᠷ ᠡᠳ᠋ ᠤᠨ ᠵᠠᠰᠠᠭ ᠤᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ ᠢ ᠨᠡᠶᠢᠲᠡᠯᠡᠵᠦ᠂ ᠤᠯᠤᠰ ᠤᠨ ᠲᠠᠰ ᠳᠠᠪᠬᠤᠷᠭ᠎ᠠ ᠳᠤ ᠡᠮ ᠡᠮᠨᠡᠯᠭᠡ ᠶᠢᠨ ᠦᠨᠳᠦᠰᠦᠨ ᠳᠠᠭᠠᠳᠬᠠᠯ ᠤᠨ ᠰᠠᠭᠤᠷᠢ ᠮᠥᠩᠭᠦ ᠶᠢ ᠤᠷᠢᠳᠴᠢᠯᠠᠨ ᠥᠭᠬᠦ ᠲᠦᠷᠢᠮ ᠢ ᠨᠢᠭᠡᠳᠭᠡᠨ ᠲᠡᠭᠦᠯᠳᠡᠷᠵᠢᠭᠦᠯᠵᠦ᠂ ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠴᠡᠭ ᠢᠶᠠᠷ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠦᠷᠭᠦᠯᠵᠢᠯᠡᠬᠦ ᠬᠥᠭᠵᠢᠯᠲᠡ ᠳᠤ ᠬᠦᠴᠦᠨ ᠨᠡᠮᠡᠷᠢᠯᠡᠨ᠎ᠡ ᠭᠡᠪᠡ᠃     ᠮᠡᠳᠡᠭᠳᠡᠯ ᠳᠤ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠤᠷᠢᠳᠴᠢᠯᠠᠨ ᠥᠭᠬᠦ ᠮᠥᠩᠭᠦ ᠪᠣᠯ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠡᠮᠴᠢᠯᠡᠭᠡᠨ ᠤ ᠵᠠᠷᠤᠳᠠᠯ ᠢ ᠣᠷᠣᠯᠠᠨ ᠥᠭᠬᠦ ᠳᠠᠷᠤᠯᠲᠠ ᠶᠢ ᠬᠥᠩᠭᠡᠷᠡᠭᠦᠯᠬᠦ᠂ ᠡᠮᠴᠢᠯᠡᠭᠡᠨ ᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ᠂ ᠳᠠᠭᠠᠳᠬᠠᠯ ᠳᠤ ᠣᠷᠣᠯᠴᠠᠭᠰᠠᠳ ᠤᠨ ᠡᠪᠡᠳᠴᠢᠨ ᠦᠵᠡᠭᠦᠯᠦᠭᠰᠡᠨ ᠬᠦᠷᠲᠡᠮᠵᠢ ᠶᠢᠨ ᠲᠥᠷᠥᠭᠳᠡᠯ ᠢ ᠨᠡᠮᠡᠭᠳᠡᠭᠦᠯᠬᠦ ᠶᠢᠨ ᠲᠥᠯᠥᠭᠡ ᠭᠠᠷᠭᠠᠭᠰᠠᠨ ᠡᠷᠭᠢᠯᠲᠡ ᠶᠢᠨ ᠪᠠᠯᠠ ᠮᠥᠩᠭᠦ ᠪᠤᠯᠤᠨ᠎ᠠ᠂ ᠲᠡᠭᠦᠨ ᠢ ᠡᠮ ᠲᠠᠩ ᠪᠠ ᠡᠮᠴᠢᠯᠡᠭᠡᠨ ᠤ ᠬᠤᠷᠣᠭᠳᠠᠯ ᠮᠠᠲ᠋ᠧᠷᠢᠶᠠᠯ ᠬᠤᠳᠠᠯᠳᠤᠨ ᠠᠪᠬᠤ ᠵᠡᠷᠭᠡ ᠡᠮᠴᠢᠯᠡᠭᠡᠨ ᠤ ᠵᠠᠷᠤᠳᠠᠯ ᠤᠨ ᠡᠷᠭᠢᠯᠲᠡ ᠶᠢᠨ ᠵᠠᠷᠤᠯᠭ᠎ᠠ ᠳᠤ ᠬᠡᠷᠡᠭᠯᠡᠨ᠎ᠡ᠂ ᠡᠮ ᠡᠮᠨᠡᠯᠭᠡ ᠶᠢᠨ ᠪᠠᠶᠢᠭᠤᠯᠤᠮᠵᠢ ᠶᠢᠨ ᠰᠠᠭᠤᠷᠢ ᠪᠥᠲᠥᠭᠡᠨ ᠪᠠᠶᠢᠭᠤᠯᠤᠯᠲᠠ ᠶᠢᠨ ᠣᠷᠣᠭᠤᠯᠤᠯᠲᠠ᠂ ᠡᠳᠦᠷ ᠲᠤᠲᠤᠮ ᠤᠨ ᠠᠵᠢᠯᠯᠠᠭ᠎ᠠ᠂ ᠥᠭᠴᠡᠭᠡ ᠳᠥᠯᠥᠬᠦ ᠵᠡᠷᠭᠡ ᠡᠮᠴᠢᠯᠡᠭᠡᠨ ᠤ ᠪᠤᠰᠤ ᠵᠠᠷᠤᠳᠠᠯ ᠤᠨ ᠵᠠᠷᠤᠯᠭ᠎ᠠ ᠳᠤ ᠬᠡᠷᠡᠭᠯᠡᠵᠦ ᠪᠣᠯᠬᠤ ᠥᠬᠡᠶ ᠭᠡᠵᠦ ᠲᠤᠳᠤᠷᠬᠠᠢ ᠲᠤᠬᠳᠠᠭᠠᠪᠠ᠃     ᠮᠡᠳᠡᠭᠳᠡᠯ ᠳᠤ᠂ ᠡᠯ᠎ᠡ ᠮᠤᠵᠢ ᠶᠢᠨ ᠱᠠᠲᠤᠨ ᠤ ᠡᠮ ᠡᠮᠨᠡᠯᠭᠡ ᠶᠢᠨ ᠳᠠᠭᠠᠳᠬᠠᠯ ᠤᠨ ᠰᠠᠯᠠᠭ᠎ᠠ ᠮᠥᠴᠢᠷ ᠨᠢ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠢ ᠵᠢᠯᠣᠭᠤᠳᠤᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠤᠷᠢᠳᠴᠢᠯᠠᠨ ᠥᠭᠬᠦ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠬᠦ ᠬᠡᠷᠡᠭᠲᠡᠶ᠃ ᠡᠯ᠎ᠡ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠤ ᠡᠮ ᠡᠮᠨᠡᠯᠭᠡ ᠶᠢᠨ ᠳᠠᠭᠠᠳᠬᠠᠯ ᠤᠨ ᠰᠠᠯᠠᠭ᠎ᠠ ᠮᠥᠴᠢᠷ ᠤᠳ ᠨᠢ ᠦᠨᠳᠦᠰᠦᠨ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠦᠯᠡᠳᠡᠪᠦᠷᠢ ᠶᠢᠨ ᠪᠠᠶᠢᠳᠠᠯ ᠢ ᠦᠨᠳᠦᠰᠦᠯᠡᠨ᠂ ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠠᠢ ᠵᠥᠪᠳᠡᠯᠴᠡᠵᠦ ᠪᠠᠶᠢᠭᠠᠳ ᠬᠠᠮᠢᠶ᠎ᠠ ᠪᠦᠬᠦᠢ ᠤᠷᠢᠳᠴᠢᠯᠠᠨ ᠥᠭᠬᠦ ᠮᠥᠩᠭᠦ ᠶᠢᠨ ᠳᠦᠷᠢᠮ ᠢ ᠰᠤᠳᠤᠯᠤᠨ ᠪᠠᠶᠢᠭᠤᠯᠬᠤ ᠭᠡᠷᠡᠭᠳᠡᠢ ᠭᠡᠵᠦ ᠱᠠᠭᠠᠷᠳᠠᠪᠠ᠃     ︽ᠰᠠᠭᠤᠷᠢ ᠮᠥᠩᠭᠦᠨ ᠤ ᠠᠮᠤᠷ ᠲᠦᠪᠰᠢᠨ ᠪᠣᠯ ᠤᠷᠢᠳᠴᠢᠯᠠᠨ ᠥᠭᠬᠦ ᠠᠵᠢᠯ ᠢ ᠬᠡᠷᠡᠭᠵᠢᠭᠦᠯᠬᠦ ᠶᠢᠨ ᠦᠨᠳᠦᠰᠦᠨ ᠤᠷᠢᠲᠠᠯ ᠮᠥᠨ᠂ ᠴᠢᠳᠠᠯ ᠢᠶᠠᠷ ᠢᠶᠠᠨ ᠴᠢᠷᠮᠠᠶᠢᠬᠤ᠂ ᠴᠢᠳᠠᠯ ᠤᠨ ᠢᠶᠠᠨ ᠬᠢᠷᠢ ᠪᠠᠷ ᠬᠢᠬᠦ ᠵᠠᠷᠴᠢᠮ ᠢ ᠪᠠᠷᠢᠮᠲᠠᠯᠠᠬᠤ ᠬᠡᠷᠡᠭᠲᠡᠢ︾ ᠭᠡᠵᠦ ᠤᠯᠤᠰ ᠤᠨ ᠡᠮ ᠡᠮᠨᠡᠯᠭᠡ ᠶᠢᠨ ᠪᠠᠳᠤᠯᠠᠭ᠎ᠠ ᠶᠢᠨ ᠲᠣᠪᠴᠢᠶ᠎ᠠ ᠶᠢᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠬᠡᠯᠡᠪᠡ᠃     ᠮᠡᠳᠡᠭᠳᠡᠯ ᠢ ᠦᠨᠳᠦᠰᠦᠯᠡᠪᠡᠯ᠂ ᠵᠠᠷᠴᠢᠮ ᠳᠡᠭᠡᠷ᠎ᠡ ᠪᠠᠨ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠤ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠤᠨ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠶᠢᠨ ᠨᠡᠶᠢᠲᠡ ᠦᠯᠡᠳᠡᠪᠦᠷᠢ ᠶᠢ ᠳᠥᠯᠥᠵᠦ ᠪᠣᠯᠬᠤ ᠰᠠᠷ᠎ᠠ ᠶᠢᠨ ᠲᠤᠭ᠎ᠠ ᠨᠢ 12 ᠰᠠᠷ᠎ᠠ ᠠᠴᠠ ᠳᠤᠲᠠᠭᠤ ᠥᠬᠡᠶ ᠪᠠᠶᠢᠪᠠᠯ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠤᠨ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠪᠠᠷ ᠤᠷᠢᠳᠴᠢᠯᠠᠨ ᠦᠭᠴᠦ ᠪᠣᠯᠤᠨ᠎ᠠ᠂ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠨᠡᠶᠢᠲᠡ ᠦᠯᠡᠳᠡᠪᠦᠷᠢ ᠶᠢ ᠳᠥᠯᠥᠵᠦ ᠪᠣᠯᠬᠤ ᠰᠠᠷ᠎ᠠ ᠶᠢᠨ ᠲᠤᠭ᠎ᠠ ᠨᠢ 6 ᠰᠠᠷ᠎ᠠ ᠠᠴᠠ ᠳᠤᠲᠠᠭᠤ ᠥᠬᠡᠶ ᠪᠠᠶᠢᠪᠠᠯ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠪᠠᠷ ᠤᠷᠢᠳᠴᠢᠯᠠᠨ ᠦᠭᠴᠦ ᠪᠣᠯᠤᠨ᠎ᠠ᠃ ᠲᠦᠷᠦᠭᠦᠦ ᠵᠢᠯ ᠳᠤ ᠨᠢᠭᠡᠨᠲᠡ ᠲᠣᠰ ᠬᠤᠭᠤᠴᠠᠭᠠᠨ ᠤ ᠤᠯᠠᠭᠠᠨ ᠲᠤᠭ᠎ᠠ ᠭᠠᠷᠤᠭᠰᠠᠨ ᠪᠤᠶᠤ 12 ᠰᠠᠷ᠎ᠠ ᠶᠢᠨ ᠥᠩᠬᠦᠷᠢᠭᠦᠯᠦᠨ ᠲᠥᠰᠦᠭᠡᠯᠡᠨ ᠪᠤᠳᠤᠬᠤ ᠠᠷᠭ᠎ᠠ ᠪᠠᠷ ᠲᠣᠰ ᠵᠢᠯ ᠤᠨ ᠤᠯᠠᠭᠠᠨ ᠲᠤᠭ᠎ᠠ ᠶᠢ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠤᠷᠢᠳᠴᠢᠯᠠᠨ ᠦᠭᠴᠦ ᠪᠤᠯᠬᠤ ᠥᠬᠡᠶ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号