ᠵᠤᠤ ᠶᠢᠨ ᠲᠠᠯ᠎ᠠ ᠵᠡᠭᠡᠯᠢ ᠭᠤᠳᠤᠮᠵᠢ ︽ᠯᠠᠪᠳᠠᠢ ᠰᠢᠢᠳᠪᠦᠷᠢᠯᠡᠬᠦ ᠠᠷᠭ᠎ᠠ ᠪᠠᠶᠢᠬᠤ ᠰᠡᠳᠭᠢᠬᠦᠢ︾  ᠪᠠᠷ ᠠᠷᠠᠳ ᠤᠨ ᠠᠮᠢᠳᠤᠷᠠᠯ ᠤᠨ ᠬᠦᠴᠢᠷᠳᠡᠯ ᠢ ᠰᠢᠢᠳᠪᠦᠷᠢᠯᠡᠵᠦ ᠪᠤᠢ
ᠨᠡᠶᠢᠲᠡᠯᠡᠭᠰᠡᠨ ᠴᠠᠭ᠄
2024/11/22
     ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠲᠦᠪᠡᠭᠳᠡᠵᠦ ᠬᠦᠰᠡᠵᠤ ᠪᠠᠶᠢᠭ᠎ᠠ ᠠᠰᠠᠭᠤᠳᠠᠯ ᠳᠤ ᠴᠢᠭᠯᠡᠬᠦᠯᠦᠨ᠂ ᠵᠤᠤ ᠶᠢᠨ ᠲᠠᠯ᠎ᠠ ᠵᠡᠭᠡᠯᠢ ᠭᠤᠳᠤᠮᠵᠢ ︽ᠯᠠᠪᠳᠠᠢ ᠰᠢᠢᠳᠪᠦᠷᠢᠯᠡᠬᠦ ᠠᠷᠭ᠎ᠠ ᠪᠠᠶᠢᠬᠤ ᠰᠡᠳᠬᠢᠬᠦᠢ︾ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠬᠦᠴᠢᠷ ᠠᠰᠠᠭᠤᠳᠠᠯ ᠢ ᠲᠠᠰᠤᠷᠠᠯᠳᠠ ᠦᠭᠡᠢ ᠰᠢᠢᠳᠪᠦᠷᠢᠯᠡᠪᠡ᠃ ᠨᠢᠭᠡ ᠳᠤ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠪᠠ᠃ ᠬᠡᠷ ᠤᠨ ᠭᠠᠳᠠᠨᠠᠬᠢ ᠣᠯᠠᠨ ᠨᠡᠶᠢᠲᠡ ᠶᠢᠨ ᠠᠷᠠᠳ ᠲᠤ ᠲᠥᠬᠦᠮ ᠦᠵᠡᠭᠦᠯᠬᠦ ᠠᠵᠢᠯᠯᠠᠭ᠎ᠠ ᠶᠢᠨ ᠣᠷᠣᠨ ᠵᠠᠶ ᠴᠥᠭᠡᠨ ᠪᠠᠶᠢᠬᠤ᠂ ᠶᠠᠰᠤ ᠴᠢᠨᠠᠷ ᠳᠤᠤᠷ᠎ᠠ ᠪᠠᠶᠢᠬᠤ ᠪᠠᠶᠢᠳᠠᠯ ᠳᠤ ᠴᠢᠭᠯᠡᠭᠦᠯᠦᠨ᠂ ᠵᠡᠭᠡᠯᠢ ᠭᠤᠳᠤᠮᠵᠢ ᠶᠢᠨ ᠬᠢᠨ ᠬᠠᠷᠢᠶ᠎ᠠ ᠣᠷᠣᠨ ᠤ ᠪᠠᠨ ᠬᠠᠮᠲᠤ ᠪᠠᠷ ᠪᠠᠶᠢᠭᠤᠯᠬᠤ ᠨᠢᠭᠡᠴᠢ ᠲᠠᠢ ᠭᠠᠷ ᠬᠤᠯᠪᠣᠨ ︽ᠨᠡᠶᠢᠭᠡᠮ ᠲᠤᠭᠤᠷᠢᠭ ᠠᠵᠤ ᠠᠬᠤᠶᠢᠯᠠᠯ ᠬᠠᠮᠳᠤ ᠪᠠᠷ ᠪᠠᠶᠢᠭᠤᠯᠵᠤ ᠦᠷ᠎ᠡ ᠪᠦᠲᠦᠭᠡᠯ ᠣᠯᠤᠭᠰᠠᠨ ᠬᠠᠶᠢᠷ᠎ᠠ ᠬᠠᠯᠠᠮᠵᠢ ᠶᠢᠨ ᠰᠠᠭᠤᠳᠠᠯ ᠢ ᠨᠡᠶᠢᠭᠡᠮ ᠲᠣᠭᠤᠷᠢᠭ ᠲᠤ ᠣᠷᠣᠭᠤᠯᠬᠤ︾ ᠠᠵᠢᠯᠯᠠᠭ᠎ᠠ ᠥᠷᠨᠢᠭᠦᠯᠪᠡ᠃ ᠣᠳᠣᠬᠠᠨ ᠳᠤ ᠡᠯ᠎ᠡ ᠨᠡᠶᠢᠭᠡᠮ ᠲᠣᠭᠤᠷᠢᠭ ᠲᠤ 130 ᠢᠵᠢ ᠬᠠᠶᠢᠷ᠎ᠠ ᠬᠠᠯᠠᠮᠵᠢ ᠶᠢᠨ ᠰᠠᠭᠤᠳᠠᠯ ᠤᠭᠰᠠᠷᠠᠵᠤ ᠦᠭᠬᠦᠨ᠂ 5  ᠭᠠᠵᠠᠷ ᠲᠤ ᠬᠡᠯᠬᠢᠶ᠎ᠡ ᠬᠤᠩᠭᠢᠯ ᠢ ᠵᠠᠰᠠᠨ ᠪᠠᠶᠢᠭᠤᠯᠪᠠ᠃ ᠬᠤᠶᠠᠷ ᠲᠤ᠂ ᠤᠯᠠᠨ ᠲᠦᠮᠡᠨ ᠤ ᠲᠦᠪᠡᠭᠳᠡᠵᠦ ᠪᠠᠶᠢᠭ᠎ᠠ ᠪᠠᠴᠢᠮᠳᠠᠵᠤ ᠪᠠᠶᠢᠭ᠎ᠠ ᠠᠰᠠᠭᠤᠳᠠᠯ ᠢ ᠪᠣᠳᠣᠯᠬᠢᠯᠠᠨ ᠰᠢᠢᠳᠪᠦᠷᠢᠯᠡᠪᠡ᠃ ᠰᠠᠭᠤᠭᠠᠯᠢ ᠠᠷᠠᠳ ᠤᠨ ᠶᠠᠪᠤᠵᠤ ᠰᠠᠭᠤᠬᠤ ᠣᠷᠴᠢᠨ ᠲᠣᠭᠤᠷᠢᠨ ᠢ ᠪᠦᠲᠦᠮᠵᠢᠲᠡᠶ ᠰᠠᠶᠢᠵᠢᠷᠠᠭᠤᠯᠬᠤ ᠶᠢᠨ ᠲᠦᠯᠦᠬᠡ᠂ ᠠᠳᠠᠯ ᠠᠬᠤᠢ ᠶᠢᠨ ᠬᠠᠮᠢᠶᠠᠷᠤᠯᠳᠠ ᠦᠭᠡᠢ ᠬᠤᠷᠢᠶᠠᠯᠠᠯ ᠤᠨ ᠵᠠᠮ ᠡᠪᠳᠡᠭᠳᠡᠭᠰᠡᠨ᠂ ᠵᠠᠮ ᠤᠨ ᠳ᠋ᠧᠩ ᠭᠡᠷᠡᠯᠲᠦᠬᠦ ᠥᠬᠡᠶ ᠪᠠᠶᠢᠬᠤ᠂ ᠬᠤᠭ ᠨᠣᠪᠰᠢ ᠶᠢᠨ ᠰᠠᠭᠤᠯᠠᠭ᠎ᠠ ᠡᠪᠳᠡᠭᠳᠡᠭᠰᠡᠨ ᠵᠡᠷᠭᠡ ᠠᠰᠠᠭᠤᠳᠠᠯ ᠢ ᠴᠠᠭ ᠲᠤᠬᠠᠶ ᠳᠤᠨᠢ ᠰᠡᠯᠪᠢᠨ ᠵᠠᠰᠠᠪᠠ᠃ ᠡᠬᠦᠨ ᠳᠤ 5 ᠭᠠᠵᠠᠷ ᠲᠠᠬᠢ ᠨᠤᠷᠠᠭᠰᠠᠨ ᠵᠠᠮ ᠤᠨ ᠭᠠᠳᠠᠷᠭᠤ ᠶᠢ ᠵᠠᠰᠠᠨ ᠨᠥᠬᠦᠵᠦ᠂ 200 ᠬᠤᠭ ᠤᠨ ᠰᠠᠪᠠ ᠶᠢ ᠰᠣᠯᠢᠵᠤ᠂ 725 ᠵᠠᠮ ᠤᠨ ᠳ᠋ᠧᠩ ᠢ ᠰᠡᠯᠪᠢᠨ ᠵᠠᠰᠠᠪᠠ᠃ ᠭᠤᠷᠪᠠ ᠳᠤ᠂ ᠣᠯᠠᠨ ᠲᠦᠮᠡᠨ ᠤ ᠬᠦᠰᠡᠯ ᠪᠣᠳᠣᠯ ᠳᠤ ᠰᠠᠭᠤᠷᠢᠯᠠᠵᠤ ᠠᠵᠢᠯ ᠬᠢᠪᠡ᠃ ᠨᠠᠰᠤᠲᠠᠶᠢᠴᠤᠳ ᠤᠨ ᠣᠶᠣᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠶᠢᠨ ᠲᠥᠯᠥᠭᠡ᠂ ᠵᠡᠭᠡᠯᠢ ᠭᠤᠳᠤᠮᠵᠢ ᠠᠴᠠ ᠨᠠᠰᠤᠲᠠᠶᠢᠴᠤᠳ ᠢ ᠬᠠᠪᠰᠤᠷᠤᠨ ᠰᠢᠨ᠎ᠡ ᠮᠡᠳᠡᠯᠭᠡ ᠶᠢ ᠰᠤᠷᠤᠯᠴᠠᠭᠤᠯᠵᠤ᠂ ᠰᠢᠨ᠎ᠡ ᠨᠡᠶᠢᠭᠡᠮ ᠳᠤ ᠵᠣᠬᠢᠴᠠᠭᠤᠯᠵᠤ᠂ ᠡᠷᠡᠭᠦᠯ ᠮᠡᠨᠳᠦ ᠶᠢᠨ ᠲᠠᠶᠢᠯᠤᠮᠵᠢ᠂ ᠤᠷᠠᠨ ᠰᠠᠶᠢᠬᠠᠨ ᠤ ᠲᠣᠭᠯᠠᠯᠲᠠ ᠵᠡᠷᠭᠡ ᠠᠵᠢᠯᠯᠠᠭ᠎ᠠ ᠶᠢ ᠨᠡᠶᠢᠲᠡ 50 ᠭᠠᠷᠤᠢ ᠤᠳᠠᠭ᠎ᠠ ᠥᠷᠨᠢᠭᠦᠯᠪᠡ᠃ ︵ᠵᠤᠤ ᠶᠢᠨ ᠲᠠᠯ᠎ᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号