ᠬᠥᠨᠳᠡᠯᠡᠨ ᠲᠣᠭᠤᠷᠢᠭ ︽ᠭᠤᠷᠪᠠ ᠶᠢ ᠴᠢᠩᠭᠠᠳᠬᠠᠵᠤ︾ ᠵᠠᠮ ᠬᠠᠷᠢᠯᠴᠠᠭᠠᠨ ᠤ ᠠᠮᠤᠷ ᠲᠦᠪᠰᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠡᠪᠦᠯ ᠤᠨ ᠤᠯᠠᠷᠢᠯ ᠤᠨ ᠠᠵᠢᠯᠯᠠᠭ᠎ᠠ ᠶᠢ ᠪᠦᠬᠦ ᠬᠦᠴᠦᠨ ᠢᠶᠠᠷ ᠢᠶᠠᠨ ᠥᠷᠨᠢᠭᠦᠯᠪᠡ
ᠨᠡᠶᠢᠲᠡᠯᠡᠭᠰᠡᠨ ᠴᠠᠭ᠄
2024/11/22
    11 ᠰᠠᠷ᠎ᠠ ᠶᠢᠨ 1 ᠤ ᠡᠳᠦᠷ᠂ ᠲᠤᠭᠤᠷᠢᠭ ᠤᠨ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ ᠵᠠᠮ ᠬᠠᠷᠢᠯᠴᠠᠭᠠᠨ ᠤ ᠠᠳᠡᠯ ᠢ ᠰᠡᠷᠭᠡᠶᠢᠯᠡᠬᠦ ︽ᠵᠠᠮ ᠬᠠᠷᠢᠯᠴᠠᠭᠠᠨ ᠤ ᠠᠳᠡᠯ ᠤᠨ ᠬᠡᠮᠵᠢᠶ᠎ᠡ ᠶᠢ ᠪᠠᠭᠠᠰᠬᠠᠵᠤ ᠲᠤᠮᠤ ᠠᠳᠡᠯ ᠡᠭᠦᠰᠬᠦ ᠶᠢ ᠬᠢᠵᠠᠭᠠᠷᠯᠠᠬᠤ︾ ᠠᠵᠢᠯ ᠤᠨ ᠬᠠᠷᠠᠯᠲᠠ ᠶᠢᠨ ᠲᠣᠭᠤᠷᠢᠨ ᠳᠤ᠂ ︽ᠬᠤᠶᠠᠷ ᠵᠦᠶᠯ ᠤᠨ ᠠᠶᠠᠨᠴᠢᠳ ᠤᠨ ᠮᠠᠰᠢᠨ ᠲᠡᠷᠭᠡ ᠠᠶᠤᠯᠲᠠᠶ ᠬᠢᠮᠢ ᠶᠢᠨ ᠡᠳ᠋ ᠪᠤᠳᠠᠰ ᠲᠡᠭᠡᠭᠡᠪᠦᠷᠢᠯᠡᠬᠦ ᠮᠠᠰᠢᠨ ᠲᠡᠷᠬᠡ ᠪᠠᠷᠠᠭ᠎ᠠ ᠲᠡᠭᠡᠭᠡᠪᠦᠷᠢᠯᠡᠬᠦ ᠲᠤᠮᠤ ᠮᠠᠰᠢᠨ ᠲᠡᠷᠬᠡ ᠰᠤᠷᠤᠬᠴᠢ ᠵᠦᠬᠡᠬᠡᠪᠦᠷᠢᠯᠡᠬᠦ ᠰᠤᠷᠭᠠᠭᠤᠯᠢ ᠶᠢᠨ ᠲᠡᠷᠬᠡ︾ ᠵᠡᠷᠭᠡ ᠭᠤᠤᠯᠳᠠᠯᠭ᠎ᠠ ᠲᠠᠢ ᠲᠡᠷᠭᠡ ᠬᠥᠰᠬᠡ ᠶᠢ ᠴᠢᠩᠭ᠎ᠠ ᠠᠩᠬᠠᠷᠴᠤ᠂ ᠡᠪᠦᠯ ᠤᠨ ᠤᠯᠠᠷᠢᠯ ᠤᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠬᠠᠷᠢᠶ᠎ᠠ ᠣᠷᠣᠨ ᠤ ᠡᠪᠦᠯ ᠤᠨ ᠤᠯᠠᠷᠢᠯ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠪᠠᠶᠢᠳᠠᠯ ᠢ ᠴᠠᠭ ᠲᠤᠬᠠᠶ ᠳᠤᠨᠢ ᠰᠤᠳᠤᠯᠤᠨ ᠮᠠᠭᠠᠳᠯᠠᠪᠠ᠃ ᠨᠢᠭᠡ ᠳᠤ᠂ ᠵᠠᠮ ᠳᠡᠭᠡᠷᠡᠬᠢ ᠬᠠᠮᠢᠶᠠᠷᠤᠯᠲᠠ ᠡᠵᠡᠮᠳᠡᠯ ᠢ ᠴᠢᠩᠭᠠᠳᠬᠠᠪᠠ᠃ ᠭᠤᠤᠯᠳᠠᠯᠭ᠎ᠠ ᠲᠠᠢ ᠴᠠᠭ ᠬᠤᠭᠤᠴᠠᠭ᠎ᠠ᠂ ᠭᠤᠤᠯᠳᠠᠯᠭ᠎ᠠ ᠲᠠᠢ ᠲᠡᠷᠭᠡ ᠬᠥᠰᠬᠡ ᠶᠢᠨ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠡᠭᠴᠡᠯᠡᠨ ᠵᠠᠰᠠᠬᠤ ᠪᠠᠷ ᠲᠣᠭᠲᠠᠵᠤ᠂ ᠬᠤᠲᠠ ᠶᠢᠨ    ᠲᠣᠭᠤᠷᠢᠭ᠂ ᠬᠥᠳᠡᠭᠡ ᠲᠣᠰᠬᠤᠨ ᠤ ᠬᠤᠶᠠᠷ ᠶᠡᠭᠡ ᠣᠷᠣᠨ ᠪᠦᠰᠡ ᠶᠢᠨ ᠵᠠᠰᠠᠮᠠᠯ ᠵᠠᠮ ᠳᠤ ᠪᠠᠶᠢᠴᠠᠭᠠᠬᠤ ᠴᠡᠭ ᠲᠣᠬᠢᠷᠠᠭᠤᠯᠵᠤ᠂ ᠠᠮᠠᠷᠬᠠᠨ ᠬᠡᠷᠡᠭ ᠭᠠᠷᠬᠤ ᠠᠷᠢᠬᠢ ᠤᠤᠭᠤᠵᠤ ᠲᠡᠷᠭᠡ ᠵᠢᠯᠣᠭᠤᠳᠬᠤ ᠪᠠ ᠰᠣᠭᠲᠣᠭᠤ ᠪᠠᠷ ᠲᠡᠷᠭᠡ ᠵᠢᠯᠣᠭᠤᠳᠬᠤ᠂ ᠬᠥᠳᠡᠭᠡ ᠲᠣᠰᠬᠤᠨ ᠤ ︽ᠬᠤᠶᠠᠷ ᠵᠦᠢᠯ ᠤᠨ ᠬᠠᠦᠯᠢ ᠠᠴᠠ ᠵᠥᠷᠢᠴᠡᠬᠦ︾ ︵ᠬᠠᠤᠯᠢ ᠠᠴᠠ ᠵᠥᠷᠢᠴᠡᠨ ᠬᠥᠮᠦᠨ ᠲᠡᠭᠡᠭᠡᠬᠦ᠂ ᠬᠠᠤᠯᠢ ᠠᠴᠠ ᠵᠥᠷᠢᠴᠡᠨ ᠲᠡᠷᠭᠡ ᠵᠣᠭᠰᠣᠭᠠᠬᠤ︶ ᠵᠡᠷᠭᠡ ᠬᠠᠤᠯᠢ ᠠᠴᠠ ᠵᠥᠷᠢᠴᠡᠭᠰᠡᠨ ᠭᠤᠤᠯᠳᠠᠯᠭ᠎ᠠ ᠲᠠᠢ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠦᠭᠴᠡᠢ᠃ ᠬᠤᠶᠠᠷ ᠲᠤ᠂ ᠭᠡᠮ ᠰᠤᠭᠤᠭ ᠢ ᠴᠡᠭᠴᠡᠯᠡᠨ ᠵᠠᠰᠠᠬᠤ ᠶᠢ ᠴᠢᠩᠭᠠᠳᠬᠠᠪᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠵᠦ ︽ᠬᠤᠶᠠᠷ ᠵᠦᠶᠯ ᠤᠨ ᠠᠶᠠᠨᠴᠢᠳ ᠤᠨ ᠮᠠᠰᠢᠨ ᠲᠡᠷᠭᠡ ᠠᠶᠤᠯᠲᠠᠶ ᠬᠢᠮᠢ ᠶᠢᠨ ᠡᠳ᠋ ᠪᠤᠳᠠᠰ ᠲᠡᠭᠡᠭᠡᠪᠦᠷᠢᠯᠡᠬᠦ ᠮᠠᠰᠢᠨ ᠲᠡᠷᠬᠡ ᠪᠠᠷᠠᠭ᠎ᠠ ᠲᠡᠭᠡᠭᠡᠪᠦᠷᠢᠯᠡᠬᠦ ᠲᠤᠮᠤ ᠮᠠᠰᠢᠨ ᠲᠡᠷᠬᠡ ᠰᠤᠷᠤᠬᠴᠢ ᠵᠦᠬᠡᠬᠡᠪᠦᠷᠢᠯᠡᠬᠦ ᠰᠤᠷᠭᠠᠭᠤᠯᠢ ᠶᠢᠨ ᠲᠡᠷᠬᠡ︾ ᠶᠢᠨ ᠭᠤᠣᠯᠳᠠᠯᠭ᠎ᠠ ᠲᠠᠢ ᠠᠵᠤ ᠠᠬᠤᠶᠢᠯᠠᠯ ᠳᠤ ᠭᠦᠨᠵᠡᠭᠡᠶᠢᠷᠡᠨ ᠱᠠᠯᠠᠪᠳᠠᠭᠤᠯᠤᠨ ᠪᠠᠶᠢᠴᠠᠭᠠᠯᠲᠠ ᠬᠢᠵᠦ᠂    ᠠᠶᠤᠯᠬᠦᠢ ᠶᠢᠨ ᠬᠠᠮᠢᠶᠠᠷᠤᠯᠲᠠ ᠨᠢ ᠪᠣᠳᠠᠲᠠᠶ ᠪᠢᠰᠢ᠂  ᠢᠯᠡᠷᠬᠡᠢ ᠠᠮᠤᠷ ᠲᠦᠪᠰᠢᠨ ᠭᠡᠮ ᠰᠤᠭᠤᠭ ᠤᠷᠤᠰᠢᠵᠤ ᠪᠠᠶᠢᠭ᠎ᠠ ᠲᠡᠭᠡᠭᠡᠪᠦᠷᠢ ᠶᠢᠨ ᠠᠵᠤ ᠠᠬᠤᠶᠢᠯᠠᠯ ᠢ ᠲᠥᠪᠯᠡᠷᠡᠭᠦᠯᠦᠨ ᠪᠣᠯᠵᠣᠨ ᠶᠠᠷᠢᠯᠴᠠᠵᠤ᠂ ᠵᠠᠷᠯᠢᠭᠳᠠᠵᠤ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠤᠭᠤᠯᠪᠠ᠃ ᠬᠠᠷᠢᠶ᠎ᠠ ᠣᠷᠣᠨ ᠤ ᠠᠮᠠᠷᠬᠠᠨ ᠠᠳᠡᠯ ᠡᠭᠦᠰᠬᠦ ᠣᠯᠠᠨ ᠠᠳᠡᠯ ᠡᠭᠦᠰᠬᠦ ᠵᠠᠮ ᠤᠨ ᠬᠡᠰᠡᠭ᠂ ᠪᠠᠷᠢᠯᠭ᠎ᠠ ᠶᠢᠨ ᠵᠠᠮ ᠤᠨ ᠬᠡᠰᠡᠭ᠂ ᠲᠡᠮᠳᠡᠭ ᠫᠠᠶᠢᠰᠠ᠂ ᠬᠠᠯᠬᠠᠪᠴᠢ ᠬᠡᠷᠡᠰᠬᠡ ᠵᠡᠷᠭᠡ ᠠᠮᠤᠷ ᠲᠦᠪᠰᠢᠨ ᠤ ᠲᠤᠨᠤᠭ ᠲᠦᠬᠦᠭᠡᠷᠦᠮᠵᠢ ᠶᠢ ᠵᠢᠭᠰᠠᠭᠠᠨ ᠪᠠᠶᠢᠴᠠᠭᠠᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠢ ᠦᠨᠡᠨᠬᠦ ᠪᠠᠲᠤᠯᠠᠪᠠ᠃ ᠭᠤᠷᠪᠠ ᠳᠤ᠂ ᠤᠬᠠᠭᠤᠯᠭ᠎ᠠ ᠬᠥᠮᠦᠵᠢᠯ ᠢ ᠴᠢᠩᠭᠠᠳᠬᠠᠪᠠ᠃ ᠠᠯᠪᠠᠨ ᠤ ᠪᠢᠴᠢᠯ ᠪᠦᠷᠭᠡ᠂ ᠸᠢᠴᠠᠲ ᠵᠡᠷᠭᠡ ᠲᠠᠪᠴᠠᠩ ᠢ ᠠᠰᠢᠭᠯᠠᠨ ᠰᠡᠷᠡᠮᠵᠢᠯᠡᠭᠦᠯᠬᠦ ᠬᠥᠮᠦᠵᠢᠯ ᠤᠨ ᠴᠠᠬᠢᠮ ᠮᠡᠳᠡᠭᠡ ᠶᠢ ᠢᠳᠡᠪᠬᠢᠲᠡᠶ ᠲᠡᠮᠵᠢᠭᠤᠯᠬᠤ᠂ ᠠᠩᠬᠠᠨ ᠤ ᠡᠭᠦᠳᠦᠯᠲᠡ ᠶᠢᠨ ᠪᠢᠴᠢᠯ ᠪᠦᠷᠭᠡ ᠶᠢ ᠨᠡᠶᠢᠲᠡᠯᠡᠬᠦ ᠶᠢᠨ ᠬᠠᠮᠲᠤ ᠠᠵᠤ ᠠᠬᠤᠶᠢᠯᠠᠯ᠂ ᠬᠥᠳᠡᠭᠡ ᠲᠣᠰᠬᠤᠨ᠂ ᠰᠤᠷᠭᠠᠭᠤᠯᠢ᠂ ᠨᠡᠶᠢᠭᠡᠮ ᠲᠣᠭᠤᠷᠢᠭ ᠲᠤ ᠤᠷᠤᠬᠤ ᠵᠡᠷᠬᠡ ︽ᠲᠠᠪᠤ ᠳᠤ ᠣᠷᠣᠬᠤ︾ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠪᠡ᠃ ᠡᠯ᠎ᠡ ᠲᠣᠰᠬᠤᠨ᠂ ᠨᠡᠶᠢᠭᠡᠮ ᠲᠣᠭᠤᠷᠢᠭ ᠢ ᠱᠠᠯᠠᠪᠳᠠᠭᠤᠯᠵᠤ ᠡᠯᠧᠺᠲᠷᠣᠨ ᠳᠡᠯᠭᠡᠴᠡ ᠵᠢᠴᠢ ︽ᠲᠣᠰᠬᠤᠨ ᠪᠦᠬᠦᠨ ᠳᠤ ᠨᠡᠪᠳᠡᠷᠡᠬᠦ ᠲᠠᠭᠤᠨ︾ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠶᠢᠨ ᠠᠭᠤᠯᠭ᠎ᠠ ᠶᠢ ᠰᠢᠨᠡᠳᠬᠡᠵᠦ᠂ ᠬᠠᠷᠢᠶ᠎ᠠ ᠣᠷᠣᠨ ᠤ ᠣᠯᠠᠨ ᠲᠦᠮᠡᠨ ᠤ ᠡᠪᠦᠯ ᠤᠨ ᠤᠯᠠᠷᠢᠯ ᠤᠨ ᠶᠠᠪᠤᠵᠤ ᠰᠠᠭᠤᠬᠤ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠮᠰᠠᠷ ᠪᠠ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠪᠡ᠃ 11 ᠰᠠᠷ᠎ᠠ ᠳᠤ ᠠᠵᠢᠯᠯᠠᠭ᠎ᠠ ᠥᠷᠨᠢᠭᠦᠯᠦᠭᠰᠡᠨ ᠠᠴᠠ ᠨᠠᠭᠠᠰᠢ᠂ ᠴᠠᠭᠳᠠᠭᠠᠨ ᠤ ᠬᠦᠴᠦᠨ ᠢ ᠨᠡᠶᠢᠲᠡ 1152 ᠬᠥᠮᠦᠨ ᠤᠳᠠᠭ᠎ᠠ ᠬᠥᠳᠡᠯᠭᠡᠵᠦ᠂ ᠴᠠᠭᠳᠠᠭᠠᠨ ᠤ ᠲᠡᠷᠭᠡ ᠶᠢ 60 ᠭᠠᠷᠤᠶ ᠤᠳᠠᠭ᠎ᠠ ᠬᠥᠳᠡᠯᠭᠡᠵᠦ᠂ ᠰᠥᠨᠢ ᠶᠢᠨ ᠪᠠᠶᠢᠴᠠᠭᠠᠯᠲᠠ ᠶᠢ 4 ᠤᠳᠠᠭ᠎ᠠ ᠥᠷᠨᠢᠭᠦᠯᠵᠦ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ 1024 ᠪᠠᠶᠢᠴᠠᠭᠠᠨ ᠰᠢᠶᠳᠪᠦᠷᠢᠯᠡᠪᠡ᠃ ︵ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号