ᠨᠢᠭᠡ ᠳᠤ᠂ ᠰᠠᠭᠤᠭᠠᠯᠢ ᠠᠷᠠᠳ ᠤᠨ ᠬᠤᠭ ᠨᠤᠪᠰᠢ ᠶᠢ ᠲᠦᠷᠦᠯ ᠬᠤᠪᠢᠶᠠᠨ ᠬᠠᠶᠠᠬᠤ ᠶᠢ ᠪᠡᠶᠡᠴᠢᠯᠡᠨ | ᠣᠶᠢᠯᠠᠭᠠᠬᠤ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠠᠮᠢᠳᠤᠷᠠᠯ ᠤᠨ ᠬᠤᠭ ᠨᠣᠪᠰᠢ ᠶᠢ ᠨᠠᠷᠢᠯᠢᠭᠵᠢᠭᠤᠯᠤᠨ | ᠲᠥᠷᠥᠯ ᠬᠤᠪᠢᠶᠠᠬᠤ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ ᠬᠤᠲᠠ ᠶᠢᠨ ᠵᠠᠰᠠᠭ ᠤᠨ ᠵᠡᠭᠦᠨ | ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠢ ᠵᠢᠱᠢᠶ᠎ᠡ ᠦᠵᠡᠭᠦᠯᠬᠦ ᠲᠣᠭᠤᠷᠢᠭ ᠪᠣᠯᠭᠠᠨ ᠪᠠᠶᠢᠭᠤᠯᠵᠤ᠂ | ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ︽ᠬᠤᠭ ᠤᠨ ᠲᠦᠩᠰᠡ ᠶᠢ ᠬᠠᠰᠤᠵᠤ ᠴᠡᠭ ᠢ | ᠨᠡᠶᠢᠯᠡᠭᠦᠯᠬᠦ︾ ᠠᠵᠢᠯ ᠢ ᠪᠥᠬᠦ ᠲᠠᠯ᠎ᠠ ᠪᠠᠷ ᠬᠡᠷᠡᠭᠵᠢᠭᠦᠯᠪᠡ᠃ ᠲᠤᠷᠰᠢᠯᠲᠠ ᠶᠢᠨ ᠴᠡᠭ ᠤᠨ ᠬᠤᠷᠢᠶᠠᠯᠠᠯ ᠤᠨ ᠣᠷᠣᠨ | ᠵᠠᠶ ᠶᠢᠨ ᠪᠠᠶᠢᠷᠢᠰᠢᠭᠤᠯᠤᠯᠲᠠ ᠪᠠ ᠪᠣᠳᠠᠲᠠᠶ ᠡᠷᠦᠬᠡ ᠶᠢᠨ ᠲᠤᠭ᠎ᠠ ᠶᠢ ᠦᠨᠳᠦᠰᠦᠯᠡᠨ᠂ ᠡᠯ᠎ᠡ ᠠᠰᠠᠷ ᠤᠨ ᠠᠰᠠᠷ ᠤᠨ | ᠤᠷᠤᠴᠠ ᠶᠢᠨ ᠡᠭᠦᠳᠡᠨ ᠳᠠᠬᠢ ᠬᠤᠭ ᠨᠣᠪᠰᠢ ᠶᠢᠨ ᠰᠠᠪᠠ ᠶᠢ ᠨᠡᠶᠢᠯᠡᠭᠦᠯᠵᠦ᠂ ᠠᠳᠠᠯ ᠠᠬᠤᠶ ᠶᠢᠨ ᠬᠠᠮᠢᠶᠠᠷᠤᠯᠳᠠ | ᠶᠢᠨ ᠺᠣᠮᠫᠠᠨᠢ ᠯᠤᠭ᠎ᠠ ᠵᠣᠬᠢᠴᠠᠭᠤᠯᠤᠨ᠂ ᠬᠤᠭ ᠤᠨ ᠲᠦᠩᠰᠡ ᠶᠢ ᠲᠠᠯᠪᠢᠬᠤ ᠡᠯ᠎ᠡ ᠴᠡᠭ ᠲᠤ ᠲᠤᠰᠬᠠᠶ ᠬᠥᠮᠦᠨ | ᠳᠣᠭᠢᠷᠠᠭᠤᠯᠤᠨ ᠵᠢᠯᠣᠭᠤᠳᠬᠤ ᠪᠠ ᠴᠡᠪᠡᠷᠯᠡᠨ ᠠᠷᠢᠯᠭᠠᠪᠠ᠃ ᠣᠲᠣ ᠪᠣᠯᠲᠠᠯ᠎ᠠ᠂ 3 ᠲᠤᠷᠰᠢᠯᠲᠠ ᠶᠢᠨ ᠴᠡᠭ ᠪᠤᠯᠬᠤ | ᠬᠤᠷᠢᠶᠠᠯᠠᠯ ᠳᠤ ᠨᠡᠶᠢᠲᠡ 8 ᠲᠥᠷᠥᠯ ᠬᠤᠪᠢᠶᠠᠨ ᠴᠤᠭᠯᠠᠭᠤᠯᠬᠤ ᠲᠢᠩᠰᠡ ᠲᠣᠬᠢᠷᠠᠭᠤᠯᠵᠤ᠂ ᠠᠷᠠᠳ ᠲᠤ ᠲᠥᠬᠦᠮ | ᠦᠵᠡᠭᠦᠯᠬᠦ 3 ᠦᠶᠯᠡᠴᠢᠯᠡᠭᠡᠨ ᠤ ᠥᠷᠲᠡᠭᠡ ᠶᠢ ᠪᠠᠶᠢᠭᠤᠯᠪᠠ᠃ ᠬᠤᠶᠠᠷ ᠲᠤ᠂ ᠰᠠᠭᠤᠭᠠᠯᠢ ᠠᠷᠠᠳ ᠤᠨ ᠣᠶᠢᠯᠠᠭᠠᠬᠤ | ᠨᠣᠷᠮ᠎ᠠ ᠪᠠ ᠣᠷᠣᠯᠴᠠᠬᠤ ᠨᠣᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠬᠥᠨᠳᠡᠯᠡᠨ | ᠲᠣᠭᠤᠷᠢᠭ ᠤᠨ ᠬᠢᠨ ᠲᠤᠷᠰᠢᠯᠲᠠ ᠶᠢᠨ ᠴᠡᠭ ᠪᠤᠯᠤᠬᠰᠠᠨ ᠬᠤᠷᠢᠶᠠᠯᠠᠯ ᠤᠨ ᠢᠯᠡ ᠪᠠᠶᠢᠷᠢᠨ ᠳᠤ ᠬᠤᠭ ᠨᠣᠪᠰᠢ ᠶᠢ | ᠲᠥᠷᠥᠯ ᠬᠤᠪᠢᠶᠠᠬᠤ ᠤᠬᠠᠭᠤᠯᠭ᠎ᠠ ᠶᠢᠨ ᠪᠤᠯᠤᠩ ᠵᠢᠴᠢ ᠤᠬᠠᠭᠤᠯᠭ᠎ᠠ ᠶᠢᠨ ᠰᠠᠮᠪᠠᠷ᠎ᠠ ᠶᠢ 87 ᠭᠠᠷᠤᠶ ᠭᠠᠷᠭᠠᠵᠤ᠂ | ︽ᠲᠣᠯᠣᠭᠠᠶ ᠥᠨᠳᠡᠶᠢᠪᠡᠯ ᠤᠯᠵᠤ ᠬᠠᠷᠠᠬᠤ᠂ ᠡᠬᠦᠳᠡ ᠪᠠᠨ ᠭᠠᠷᠪᠠᠯ ᠤᠯᠵᠤ ᠬᠠᠷᠠᠬᠤ︾ ᠤᠬᠠᠭᠤᠯᠭ᠎ᠠ ᠶᠢᠨ ᠠᠭᠤᠷ | ᠠᠮᠢᠰᠬᠤᠯ ᠢ ᠪᠣᠶ ᠪᠣᠯᠭᠠᠵᠤ᠂ ᠰᠠᠭᠤᠭᠠᠯᠢ ᠠᠷᠠᠳ ᠤᠨ ᠣᠷᠴᠢᠨ ᠲᠣᠭᠤᠷᠢᠨ ᠢ ᠬᠠᠮᠠᠭᠠᠯᠠᠬᠤ ᠤᠬᠠᠮᠰᠠᠷ ᠢ | ᠳᠡᠭᠡᠭᠰᠢᠯᠡᠭᠦᠯᠪᠡ᠃ 20 ᠬᠤᠷᠢᠶᠠᠯᠠᠯ ᠳᠤ ᠬᠤᠭ ᠨᠣᠪᠰᠢ ᠶᠢ ᠲᠥᠷᠥᠯ ᠬᠤᠪᠢᠶᠠᠨ ᠲᠥᠪᠯᠡᠷᠡᠭᠦᠯᠦᠨ ᠬᠠᠶᠠᠬᠤ 343 | ᠴᠡᠭ ᠢ ᠲᠣᠬᠢᠷᠠᠭᠤᠯᠵᠤ᠂ ᠬᠤᠭ ᠨᠣᠪᠰᠢ ᠶᠢᠨ ᠰᠠᠪᠠ ᠶᠢ 770 ᠰᠣᠯᠢᠪᠠ᠃ ᠭᠤᠷᠪᠠ ᠳᠤ᠂ ᠪᠣᠯᠪᠠᠰᠤᠨ ᠬᠤᠲᠠ ᠶᠢ | ᠡᠭᠦᠳᠦᠨ ᠪᠠᠶᠢᠭᠤᠯᠬᠤ ᠲᠠᠢ ᠤᠶᠠᠯᠳᠤᠭᠤᠯᠤᠨ᠂ ᠱᠠᠲᠤ ᠬᠤᠪᠢᠶᠠᠨ ᠬᠠᠮᠢᠶᠠᠷᠬᠤ ᠲᠣᠭᠲᠠᠴᠠ ᠶᠢ ᠲᠡᠭᠦᠯᠳᠡᠷᠵᠢᠭᠦᠯᠪᠠ᠃ | ᠲᠤᠭᠤᠷᠢᠭ ᠤᠨ ᠬᠤᠭ ᠨᠤᠪᠰᠢ ᠶᠢ ᠲᠥᠷᠥᠯ ᠬᠤᠪᠢᠶᠠᠬᠤ ᠠᠵᠢᠯ ᠤᠨ ᠣᠳᠣᠷᠢᠳᠬᠤ ᠲᠤᠭᠤᠶᠢᠯᠠᠩ ᠤᠨ ᠠᠯᠪᠠᠨ ᠬᠡᠷ | ᠲᠦᠷᠦᠭᠦᠯᠡᠵᠦ᠂ ᠡᠯ᠎ᠡ ᠵᠡᠭᠡᠯᠢ ᠭᠤᠳᠤᠮᠵᠢ ᠬᠠᠮᠵᠢᠯᠴᠠᠨ᠂ ᠠᠳᠠᠯ ᠠᠬᠤᠶ ᠶᠢᠨ ᠬᠠᠮᠢᠶᠠᠷᠤᠯᠳᠠ ᠶᠢᠨ ᠺᠣᠮᠫᠠᠨᠢ᠂ | ᠦᠮᠴᠢᠳᠡᠨ ᠤ ᠵᠥᠪᠯᠡᠯ᠂ ᠦᠵᠦᠭᠦᠷᠯᠢᠭ ᠤᠨ ᠲᠤᠤᠷᠵᠢᠭᠤᠯᠤᠭᠰᠠᠨ ᠬᠠᠮᠢᠶᠠᠷᠤᠯᠲᠠ ᠶᠢᠨ ᠠᠵᠢᠯᠲᠠᠨ ᠵᠡᠷᠭᠡ ᠣᠯᠠᠨ | ᠲᠠᠯ᠎ᠠ ᠶᠢᠨ ᠬᠦᠴᠦᠨ ᠢ ᠠᠭᠤᠰᠤᠯᠴᠠᠭᠤᠯᠵᠤ᠂ ᠬᠤᠭ ᠨᠣᠪᠰᠢ ᠶᠢ ᠲᠥᠷᠥᠯ ᠬᠤᠪᠢᠶᠠᠬᠤ ᠲᠤᠤᠷᠵᠢᠯ ᠤᠨ ᠠᠵᠢᠯᠯᠠᠬᠤ | ᠥᠷᠲᠡᠭᠡ ᠶᠢ ᠪᠠᠶᠢᠭᠤᠯᠤᠨ᠂ ᠲᠣᠭᠲᠠᠮᠠᠯ ᠬᠤᠭᠤᠴᠠᠭ᠎ᠠ ᠲᠠᠢ ᠪᠠᠷ ᠲᠤᠰᠬᠠᠶ ᠪᠣᠯᠪᠠᠰᠤᠷᠠᠯ ᠤᠨ ᠬᠤᠷᠠᠯ | ᠬᠤᠷᠠᠯᠳᠤᠭᠤᠯᠵᠤ᠂ ᠬᠤᠭ ᠨᠣᠪᠰᠢ ᠶᠢ ᠲᠥᠷᠥᠯ ᠬᠤᠪᠢᠶᠠᠬᠤ ᠶᠢ ᠤᠬᠠᠭᠤᠯᠤᠨ ᠳᠠᠶᠢᠴᠢᠯᠠᠬᠤ᠂ ᠲᠥᠷᠥᠯ ᠬᠤᠪᠢᠶᠠᠨ | ᠴᠤᠭᠯᠠᠭᠤᠯᠬᠤ᠂ ᠲᠡᠭᠡᠭᠡᠪᠦᠷᠢᠯᠡᠵᠦ ᠰᠢᠶᠳᠪᠦᠷᠢᠯᠡᠬᠦ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠪᠠ᠃ ᠣᠲᠣ | ᠨᠢᠭᠡᠨᠲᠡ 11 ᠬᠡᠷᠡᠭ ᠡᠷᠬᠢᠯᠡᠬᠦ ᠭᠠᠵᠠᠷ ᠤᠨ ᠪᠣᠶ ᠪᠥᠬᠦᠶ ᠬᠤᠷᠢᠶᠠᠯᠠᠯ ᠤᠨ ᠬᠤᠭ ᠨᠣᠪᠰᠢ ᠶᠢ ᠲᠥᠷᠥᠯ ᠬᠤᠪᠢᠶᠠᠬᠤ | ︽ᠲᠦᠩᠰᠡ ᠶᠢ ᠬᠠᠰᠤᠵᠤ ᠴᠡᠭ ᠢ ᠨᠡᠶᠢᠯᠡᠭᠦᠯᠬᠦ︾ ᠠᠵᠢᠯ ᠢ ᠳᠠᠭᠤᠰᠬᠠᠵᠤ᠂ ᠠᠮᠢᠳᠤᠷᠠᠯ ᠤᠨ ᠬᠤᠭ ᠨᠣᠪᠰᠢ ᠶᠢ | ᠲᠥᠷᠥᠯ ᠬᠤᠪᠢᠶᠠᠬᠤ ᠲᠦᠩᠰᠡ ᠶᠢ ᠨᠡᠶᠢᠲᠡ 10670 ᠭᠠᠷᠤᠶ ᠲᠣᠬᠢᠷᠠᠭᠤᠯᠪᠠ᠃ ︵ᠬᠠᠤᠯᠢ ᠬᠡᠷᠡᠭᠵᠢᠭᠦᠯᠬᠦ | ᠲᠣᠪᠴᠢᠶ᠎ᠠ︶ |