ᠬᠥᠨᠳᠡᠯᠡᠨ ᠲᠣᠭᠤᠷᠢᠭ ᠤᠨ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠶᠡᠷᠦᠩᠬᠡᠶᠢᠯᠡᠭᠰᠡᠨ ᠬᠡᠪ ᠴᠢᠨᠠᠷ ᠢ ᠬᠢᠨᠠᠨ ᠬᠡᠮᠵᠢᠭᠰᠡᠨ ᠬᠡᠷᠡᠭ ᠤᠨ ᠵᠢᠱᠢᠶ᠎ᠡ ᠳᠤᠮᠳᠠᠳᠤ ᠤᠯᠤᠰ ᠤᠨ ᠰᠤᠷᠭᠠᠨ ᠬᠥᠮᠦᠵᠢᠯ ᠤᠨ ᠬᠢᠨᠠᠨ ᠵᠢᠯᠤᠭᠤᠳᠬᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠦᠭᠰᠡᠨ ᠬᠡᠷᠡᠭ ᠤᠨ ᠵᠢᠱᠢᠶ᠎ᠡ ᠪᠠᠷ ᠰᠣᠩᠭᠤᠭᠳᠠᠪᠠ
ᠨᠡᠶᠢᠲᠡᠯᠡᠭᠰᠡᠨ ᠴᠠᠭ᠄
2024/11/22
    2024 ᠣᠨ ᠤ 11 ᠰᠠᠷ᠎ᠠ ᠳᠤ᠂ ᠳᠤᠮᠳᠠᠳᠤ ᠤᠯᠤᠰ ᠤᠨ ᠵᠠᠯᠠᠭᠤᠴᠤᠳ ᠤᠨ ᠬᠡᠪᠯᠡᠯ ᠤᠨ ᠬᠤᠷᠢᠶ᠎ᠠ ᠶᠢᠨ ᠬᠡᠪᠯᠡᠭᠦᠯᠦᠭᠰᠡᠨ ︽ᠳᠤᠮᠳᠠᠳᠤ ᠤᠯᠤᠰ ᠤᠨ ᠰᠤᠷᠭᠠᠨ ᠬᠥᠮᠦᠵᠢᠯ ᠤᠨ ᠬᠢᠨᠠᠨ ᠵᠢᠯᠤᠭᠤᠳᠬᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠦᠭᠰᠡᠨ ᠬᠡᠷᠡᠭ ᠤᠨ ᠵᠢᠱᠢᠶ᠎ᠡ ᠶᠢᠨ ᠡᠮᠬᠢᠳᠬᠡᠯ︾ ᠨᠢ ᠰᠢᠨ᠎ᠡ ᠬᠤᠲᠠ ᠶᠢᠨ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠠᠵᠢᠯ ᠤᠨ ᠰᠢᠨ᠎ᠡ ᠶᠢ ᠡᠭᠦᠳᠦᠭᠰᠡᠨ ᠬᠡᠷᠡᠭ ᠤᠨ ᠵᠢᠱᠢᠶ᠎ᠡ ︽ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ ᠵᠠᠮ ᠨᠡᠭᠡᠭᠡᠨ ᠰᠢᠨ᠎ᠡ ᠶᠢ ᠡᠭᠦᠳᠴᠦ ᠰᠢᠨ᠎ᠡ ᠬᠤᠲᠠ ᠶᠢᠨ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠠᠵᠢᠯ ᠤᠨ ᠰᠢᠨ᠎ᠡ ᠬᠠᠭᠤᠳᠠᠰᠤ ᠶᠢ ᠪᠢᠴᠢᠭᠯᠡᠪᠡ︾ ᠬᠡᠬᠦ ᠪᠦᠳᠦᠬᠡᠯ ᠢ ᠨᠡᠶᠢᠳᠡᠯᠡᠪᠡ᠃ ᠤᠯᠤᠰ ᠤᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ ᠶᠢᠨ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠪᠠ ᠦᠨᠡᠯᠡᠯᠲᠡ ᠶᠢᠨ ᠰᠤᠳᠤᠯᠭᠠᠨ ᠤ ᠲᠥᠪ ᠤᠨ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠬᠢᠨᠠᠨ ᠲᠣᠭᠲᠠᠭᠠᠯᠲᠠ ᠪᠠᠷ ᠳᠡᠮᠵᠢᠨ᠂ ᠪᠥᠬᠦ ᠤᠯᠤᠰ ᠤᠨ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠠᠵᠢᠯ ᠳᠠᠬᠢ ᠲᠥᠯᠥᠭᠡᠯᠡᠬᠦ ᠴᠢᠨᠠᠷᠲᠠᠶ᠂ ᠨᠡᠶᠢᠲᠡᠯᠢᠭ ᠴᠢᠨᠠᠷᠲᠠᠶ 66 ᠬᠡᠷᠡᠭ ᠤᠨ ᠵᠢᠱᠢᠶ᠎ᠡ ᠳᠤᠮᠳᠠᠳᠤ ᠤᠯᠤᠰ ᠤᠨ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠦᠭᠰᠡᠨ ᠬᠡᠷᠡᠭ ᠤᠨ ᠵᠢᠱᠢᠶ᠎ᠡ ᠳᠤ ᠰᠣᠩᠭᠤᠭᠳᠠᠪᠠ᠃ 11 ᠰᠠᠷ᠎ᠠ ᠶᠢᠨ 13 ᠤ ᠡᠳᠦᠷ ᠬᠥᠨᠳᠡᠯᠡᠨ ᠲᠣᠭᠤᠷᠢᠭ ᠤᠨ ᠰᠤᠷᠭᠠᠨ ᠬᠥᠮᠦᠵᠢᠯ ᠤᠨ ᠬᠢᠨᠠᠨ ᠵᠢᠯᠣᠭᠤᠳᠴᠤ ᠦᠨᠡᠯᠡᠬᠦ ᠲᠥᠪ ᠤᠨ ︽ᠰᠣᠷᠣᠭᠴᠢ ᠶᠢ ᠦᠨᠡᠯᠡᠬᠦ ᠥᠭᠡᠷᠡᠴᠢᠯᠡᠯᠲᠡ ᠪᠠ ᠰᠢᠨ᠎ᠡ ᠶᠢ ᠡᠭᠦᠳᠬᠦ ᠣᠷᠣᠨ ᠪᠦᠰᠡ ᠶᠢᠨ ᠠᠷᠭ᠎ᠠ ᠵᠠᠮ ᠤᠨ ᠰᠥᠪᠡᠭᠴᠢᠯᠡᠯᠲᠡ — ᠪᠤᠭᠤᠲᠤ ᠬᠤᠲᠠ ᠶᠢᠨ ᠬᠥᠨᠳᠡᠯᠡᠨ ᠲᠣᠭᠤᠷᠢᠭ ᠤᠨ ᠪᠠᠭ᠎ᠠ ᠰᠤᠷᠭᠠᠭᠤᠯᠢ ᠶᠢᠨ ᠰᠣᠷᠣᠭᠴᠢ ᠶᠢᠨ ᠶᠡᠷᠦᠩᠬᠡᠶᠢᠯᠡᠭᠰᠡᠨ ᠬᠡᠪ ᠴᠢᠨᠠᠷ ᠢ ᠬᠢᠨᠠᠨ ᠬᠡᠮᠵᠢᠬᠦ ᠦᠶᠯᠡᠳᠦᠯᠭᠡ ᠪᠠᠷ     ᠵᠢᠱᠢᠶᠡᠯᠡᠬᠦ ᠨᠢ︾ ᠭᠡᠬᠦ ᠪᠦᠳᠦᠬᠡᠯ ᠰᠤᠩᠭᠤᠬᠳᠠᠬᠰᠠᠨ ᠪᠥᠭᠡᠳ ᠳᠤᠮᠳᠠᠳᠤ ᠤᠯᠤᠰ ᠤᠨ ᠵᠠᠯᠠᠭᠤᠴᠤᠳ ᠤᠨ ᠬᠡᠪᠯᠡᠯ ᠤᠨ ᠬᠤᠷᠢᠶ᠎ᠡ ᠶᠢᠨ ᠢᠯᠡ ᠪᠠᠷ ᠲᠠᠷᠬᠠᠭᠠᠭᠰᠠᠨ ︽ᠳᠤᠮᠳᠠᠳᠤ ᠤᠯᠤᠰ ᠤᠨ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠦᠭᠰᠡᠨ ᠬᠡᠷᠡᠭ ᠤᠨ ᠵᠢᠱᠢᠶ᠎ᠡ ᠶᠢᠨ ᠡᠮᠬᠢᠳᠬᠡᠯ︾ ᠭᠡᠬᠦ ᠨᠣᠮ ᠳᠤ ᠰᠣᠩᠭᠤᠭᠳᠠᠪᠠ᠃ ︵ᠲᠤᠰ ᠰᠡᠳᠬᠦᠯ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号