1—10 ᠰᠠᠷ᠎ᠠ ᠳᠤ᠂ ᠬᠥᠨᠳᠡᠯᠡᠨ ᠲᠣᠭᠤᠷᠢᠭ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ | ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 23.4% ᠪᠠᠷ ᠨᠡᠮᠡᠭᠳᠡᠵᠦ᠂ 1— 9 | ᠰᠠᠷ᠎ᠠ ᠶᠢᠨ ᠬᠢ ᠠᠴᠠ ᠵᠠᠭᠤᠨ ᠤ ᠬᠠᠷᠢᠴᠠᠯ ᠢᠶᠠᠷ 1.6 ᠬᠤᠪᠢ ᠳᠡᠭᠡᠭᠰᠢᠯᠡᠵᠦ᠂ ᠨᠡᠯᠢᠶᠡᠳ ᠥᠨᠳᠥᠷ ᠨᠡᠮᠡᠭᠳᠡᠯ ᠤᠨ | ᠪᠠᠶᠢᠳᠠᠯ ᠢᠶᠠᠨ ᠦᠷᠭᠦᠯᠵᠢᠯᠡᠨ ᠪᠠᠲᠤᠯᠠᠪᠠ᠃ ᠠᠵᠤ ᠦᠶᠯᠡᠰ ᠢᠶᠠᠷ ᠬᠤᠪᠢᠶᠠᠵᠤ ᠦᠵᠡᠪᠡᠯ᠂ ᠭᠤᠷᠪᠠᠳᠤᠭᠠᠷ ᠠᠵᠤ | ᠦᠶᠯᠡᠰ ᠤᠨ ᠪᠠᠯᠠ ᠣᠷᠣᠭᠤᠯᠤᠯᠲᠠ ᠶᠢᠨ ᠳᠠᠶᠢᠴᠢᠯᠠᠯᠲᠠ ᠨᠢ ᠬᠠᠮᠤᠭ ᠤᠨ ᠶᠡᠭᠡ᠃ ᠨᠢᠭᠡᠳᠦᠭᠡᠷ ᠠᠵᠤ ᠦᠶᠯᠡᠰ ᠤᠨ | ᠪᠠᠯᠠ ᠣᠷᠣᠭᠤᠯᠤᠯᠲᠠ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 81.1% ᠪᠠᠷ ᠪᠠᠭᠤᠷᠠᠪᠠ︔ | ᠬᠤᠶᠠᠳᠤᠭᠠᠷ ᠠᠵᠤ ᠦᠶᠯᠡᠰ ᠤᠨ ᠪᠠᠯᠠ ᠣᠷᠣᠭᠤᠯᠤᠯᠲᠠ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ | 14.3% ᠪᠠᠷ ᠨᠡᠮᠡᠭᠳᠡᠵᠦ᠂ ᠶᠡᠷᠦᠩᠬᠡᠢ ᠪᠠᠯᠠ ᠣᠷᠣᠭᠤᠯᠤᠯᠲᠠ ᠶᠢᠨ ᠨᠡᠮᠡᠭᠳᠡᠯ ᠢ ᠵᠠᠭᠤᠨ ᠤ ᠬᠠᠷᠢᠴᠠᠯ ᠢᠶᠠᠷ 11.4 | ᠬᠤᠪᠢ ᠳᠠᠶᠢᠴᠢᠯᠠᠪᠠ︔ ᠭᠤᠷᠪᠠᠳᠤᠭᠠᠷ ᠠᠵᠤ ᠦᠶᠯᠡᠰ ᠤᠨ ᠪᠠᠯᠠ ᠣᠷᠣᠭᠤᠯᠤᠯᠲᠠ ᠲᠡᠭᠡᠷ᠎ᠡ ᠵᠢᠯ ᠤᠨ ᠠᠳᠠᠯᠢ | ᠬᠤᠭᠤᠴᠠᠭᠠᠨ ᠤ ᠬᠢ ᠠᠴᠠ 65.3% ᠪᠠᠷ ᠨᠡᠮᠡᠭᠳᠡᠵᠦ᠂ ᠶᠡᠷᠦᠩᠬᠡᠢ ᠪᠠᠯᠠ ᠣᠷᠣᠭᠤᠯᠤᠯᠲᠠ ᠶᠢᠨ ᠨᠡᠮᠡᠭᠳᠡᠯ ᠢ | ᠵᠠᠭᠤᠨ ᠤ ᠬᠠᠷᠢᠴᠠᠯ ᠢᠶᠠᠷ 12.7 ᠬᠤᠪᠢ ᠳᠠᠶᠢᠴᠢᠯᠠᠪᠠ᠃ ᠬᠦᠷᠢᠶ᠎ᠡ ᠴᠠᠷᠠᠭ᠎ᠠ ᠬᠤᠪᠢᠶᠠᠵᠤ ᠦᠵᠡᠪᠡᠯ᠂ ᠰᠠᠭᠤᠷᠢ | ᠲᠥᠬᠦᠭᠡᠷᠦᠮᠵᠢ ᠶᠢᠨ ᠪᠠᠯᠠ ᠣᠷᠣᠭᠤᠯᠤᠯᠲᠠ ᠶᠢᠨ ᠨᠡᠮᠡᠭᠳᠡᠯ ᠬᠠᠮᠤᠭ ᠤᠨ ᠥᠨᠳᠥᠷ᠃ ᠰᠠᠭᠤᠷᠢ ᠲᠥᠬᠦᠭᠡᠷᠦᠮᠵᠢ ᠶᠢᠨ | ᠪᠠᠯᠠ ᠣᠷᠣᠭᠤᠯᠤᠯᠲᠠ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 66.8% ᠪᠠᠷ ᠨᠡᠮᠡᠭᠳᠡᠵᠦ᠂ ᠪᠠᠯᠠ | ᠣᠷᠣᠭᠤᠯᠤᠯᠲᠠ ᠶᠢᠨ ᠨᠡᠮᠡᠭᠳᠡᠯ ᠢ ᠵᠠᠭᠤᠨ ᠤ ᠬᠠᠷᠢᠴᠠᠯ ᠢᠶᠠᠷ 6.9 ᠬᠤᠪᠢ ᠳᠠᠶᠢᠴᠢᠯᠠᠪᠠ︔ ᠬᠡᠷ ᠭᠠᠵᠠᠷ ᠤᠨ | ᠬᠥᠷᠥᠩᠭᠡ ᠶᠢᠨ ᠪᠠᠯᠠ ᠣᠷᠣᠭᠤᠯᠤᠯᠲᠠ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 20.8% ᠪᠠᠷ | ᠨᠡᠮᠡᠭᠳᠡᠵᠦ᠂ ᠪᠠᠯᠠ ᠣᠷᠣᠭᠤᠯᠤᠯᠲᠠ ᠶᠢᠨ ᠨᠡᠮᠡᠭᠳᠡᠯ ᠢ ᠵᠠᠭᠤᠨ ᠤ ᠬᠠᠷᠢᠴᠠᠯ ᠢᠶᠠᠷ 1.7 ᠬᠤᠪᠢ ᠳᠠᠶᠢᠴᠢᠯᠠᠪᠠ︔ | ᠦᠶᠯᠡᠳᠬᠦ ᠦᠶᠯᠡᠰ ᠤᠨ ᠪᠠᠯᠠ ᠣᠷᠣᠭᠤᠯᠤᠯᠲᠠ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 13.8 | % ᠪᠠᠷ ᠨᠡᠮᠡᠭᠳᠡᠵᠦ᠂ ᠶᠡᠷᠦᠩᠬᠡᠢ ᠪᠠᠯᠠ ᠣᠷᠣᠭᠤᠯᠤᠯᠲᠠ ᠶᠢᠨ ᠨᠡᠮᠡᠭᠳᠡᠯ ᠢ ᠵᠠᠭᠤᠨ ᠤ ᠬᠠᠷᠢᠴᠠᠯ ᠢᠶᠠᠷ 10.5 ᠬᠤᠪᠢ | ᠳᠠᠶᠢᠴᠢᠯᠠᠪᠠ᠃ |