1—10 ᠰᠠᠷ᠎ᠠ ᠳᠤ ᠬᠥᠨᠳᠡᠯᠡᠨ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠭᠳᠡᠯ ᠥᠷᠲᠡᠭ 9.5% ᠪᠠᠷ ᠨᠡᠮᠡᠭᠳᠡᠪᠡ
ᠨᠡᠶᠢᠲᠡᠯᠡᠭᠰᠡᠨ ᠴᠠᠭ᠄
2024/11/22
   1—10 ᠰᠠᠷ᠎ᠠ ᠳᠤ᠂ ᠬᠥᠨᠳᠡᠯᠡᠨ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 9.5% ᠪᠠᠷ ᠨᠡᠮᠡᠭᠳᠡᠵᠦ᠂ 1— 9 ᠰᠠᠷ᠎ᠠ ᠶᠢᠨ ᠬᠢ ᠠᠴᠠ ᠵᠠᠭᠤᠨ ᠤ ᠬᠠᠷᠢᠴᠠᠯ ᠢᠶᠠᠷ 0.2 ᠬᠤᠪᠢ ᠪᠠᠭᠤᠷᠠᠪᠠ᠃    ᠭᠤᠷᠪᠠᠨ ᠶᠡᠭᠡ ᠲᠥᠷᠥᠯ ᠢᠶᠠᠷ ᠬᠤᠪᠢᠶᠠᠵᠤ ᠦᠵᠡᠪᠡᠯ᠂ ᠠᠭᠤᠷᠬᠠᠶ ᠮᠠᠯᠲᠠᠬᠤ ᠦᠶᠯᠡᠰ ᠤᠨ ᠨᠡᠮᠡᠭᠳᠡᠯ ᠥᠷᠲᠡᠭ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 4.3% ᠪᠠᠷ ᠪᠠᠭᠤᠷᠠᠵᠤ᠂ ᠦᠶᠯᠡᠳᠬᠦ ᠦᠶᠯᠡᠰ ᠤᠨ ᠨᠡᠮᠡᠭᠳᠡᠯ ᠥᠷᠲᠡᠭ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 16.1% ᠪᠠᠷ ᠨᠡᠮᠡᠭᠳᠡᠵᠦ᠂ ᠴᠠᠬᠢᠯᠭᠠᠨ ᠬᠦᠴᠦᠨ᠂ ᠢᠯᠴᠢ᠂ ᠰᠢᠲᠠᠮᠠᠬᠠᠶ ᠬᠡᠶ ᠵᠢᠴᠢ ᠤᠰᠤᠨ ᠤ ᠦᠶᠯᠡᠳᠪᠦᠷᠢᠯᠡᠯ ᠪᠠ ᠬᠠᠩᠭᠠᠯᠭ᠎ᠠ ᠶᠢᠨ ᠦᠶᠯᠡᠰ ᠤᠨ ᠨᠡᠮᠡᠭᠳᠡᠯ ᠥᠷᠲᠡᠭ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 3.1% ᠪᠠᠷ ᠨᠡᠮᠡᠭᠳᠡᠪᠡ᠃ ᠠᠵᠢᠯ ᠲᠥᠷᠥᠯ ᠢᠶᠠᠷ ᠬᠤᠪᠢᠶᠠᠵᠤ ᠦᠵᠡᠪᠡᠯ᠂ ᠬᠠᠷ᠎ᠠ ᠲᠡᠮᠦᠷᠯᠢᠭ ᠪᠣᠯᠪᠠᠰᠤᠷᠠᠭᠤᠯᠬᠤ ᠪᠠ ᠰᠤᠪᠢᠵᠤ ᠪᠣᠯᠪᠠᠰᠤᠷᠠᠭᠤᠯᠬᠤ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 0.7% ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ 28.1% ᠶᠢ ᠡᠵᠡᠯᠡᠪᠡ︔ ᠲᠡᠮᠦᠷᠯᠢᠭ ᠪᠤᠰᠤ ᠡᠷᠦᠳᠡᠰᠦ ᠶᠢᠨ ᠪᠦᠲᠦᠭᠡᠭᠳᠡᠬᠦᠨ ᠤ ᠦᠶᠯᠡᠰ ᠤᠨ ᠨᠡᠮᠡᠭᠳᠡᠯ ᠥᠷᠲᠡᠭ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 28.3% ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠳᠤ ᠡᠵᠡᠯᠡᠬᠦ ᠬᠤᠪᠢ ᠶᠢᠨ ᠵᠢᠩ ᠨᠢ 32.7 % ᠳᠤ ᠬᠦᠷᠴᠦ᠂ ᠵᠠᠭᠤᠨ ᠤ ᠬᠠᠷᠢᠴᠠᠯ ᠢᠶᠠᠷ 43.8 ᠬᠤᠪᠢ ᠳᠠᠶᠢᠴᠢᠯᠠᠵᠤ᠂ ᠬᠤᠪᠢ ᠨᠡᠮᠡᠷᠢ ᠦᠵᠡᠬᠦᠯᠦᠭᠰᠡᠨ ᠨᠤᠷᠮ᠎ᠠ ᠪᠠᠷ ᠬᠠᠮᠤᠭ ᠤᠨ ᠶᠡᠭᠡ ︵461.5%︶ ᠪᠣᠯᠪᠠ︔ ᠥᠩᠭᠡᠲᠦ ᠲᠡᠮᠦᠷᠯᠢᠭ ᠤᠨ ᠠᠭᠤᠷᠬᠠᠶ ᠮᠠᠯᠳᠠᠵᠤ ᠰᠢᠯᠢᠨ ᠰᠤᠩᠭᠤᠬᠤ ᠦᠶᠯᠡᠰ ᠵᠠᠭᠤᠨ ᠤ ᠬᠠᠷᠢᠴᠠᠯ ᠢᠶᠠᠷ 23.4 ᠬᠤᠪᠢ ᠳᠠᠶᠢᠴᠢᠯᠠᠵᠤ᠂ ᠨᠡᠮᠡᠭᠳᠡᠯ ᠥᠷᠲᠡᠭ ᠨᠢ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 1.3 ᠳᠠᠬᠢᠨ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠳᠤ ᠡᠵᠡᠯᠡᠬᠦ ᠬᠤᠪᠢ ᠶᠢᠨ ᠵᠢᠩ ᠨᠢ 6.0% ᠳᠤ ᠬᠥᠷᠪᠡ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号