10 ᠰᠠᠷ᠎ᠠ ᠳᠤ᠂ ᠬᠡᠷᠡᠭᠯᠡᠭᠡᠨ ᠤ ᠵᠦᠶᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ | ᠵᠢᠴᠢ ᠬᠤᠳᠠᠯᠳᠤᠭᠠᠴᠢᠨ ᠤ ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢᠨ ᠳᠠᠶᠢᠴᠢᠯᠠᠯᠲᠠ ᠪᠠᠷ ᠲᠠᠮᠵᠢᠨ᠂ | ᠬᠥᠨᠳᠡᠯᠡᠨ ᠲᠣᠭᠤᠷᠢᠭ ᠤᠨ ᠬᠡᠷᠡᠭᠯᠡᠭᠡᠨ ᠤ ᠵᠦᠶᠯ ᠤᠨ ᠵᠠᠬ᠎ᠠ ᠳᠡᠯᠭᠡᠭᠦᠷ ᠦᠷᠭᠦᠯᠵᠢᠯᠡᠨ ᠳᠡᠭᠡᠭᠰᠢᠯᠡᠬᠦ ᠬᠠᠨᠳᠤᠰᠢ ᠲᠠᠢ | ᠪᠣᠯᠪᠠ᠃ 1— 10 ᠰᠠᠷ᠎ᠠ ᠳᠤ᠂ ᠨᠡᠶᠢᠭᠡᠮ ᠤᠨ ᠬᠡᠷᠡᠭᠯᠡᠭᠡᠨ ᠤ ᠵᠦᠶᠯ ᠢ ᠵᠢᠵᠢᠭᠯᠡᠨ ᠪᠤᠷᠤᠯᠠᠭᠤᠯᠤᠬᠰᠠᠨ ᠶᠡᠷᠦᠩᠬᠡᠶ | ᠬᠡᠮᠵᠢᠶ᠎ᠡ 308.8 ᠳ᠋ᠦᠩᠰᠢᠭᠤᠷ ᠲᠥᠭᠦᠷᠢᠭ ᠲᠤ ᠬᠦᠷᠴᠦ᠂ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ | 4.2% ᠢᠶᠠᠷ ᠨᠡᠮᠡᠭᠳᠡᠵᠦ᠂ 1— 9 ᠰᠠᠷ᠎ᠠ ᠶᠢᠨ ᠬᠢ ᠠᠴᠠ ᠵᠠᠭᠤᠨ ᠤ ᠬᠠᠷᠢᠴᠠᠯ ᠢᠶᠠᠷ 0.2 | ᠬᠤᠪᠢ ᠳᠡᠭᠡᠭᠰᠢᠯᠡᠵᠦ᠂ ᠶᠡᠷᠦᠩᠬᠡᠶ ᠬᠡᠮᠵᠢᠶ᠎ᠡ ᠨᠢ ᠪᠥᠬᠦ ᠬᠤᠲᠠ ᠶᠢᠨ ᠨᠢᠭᠡᠳᠦᠭᠡᠷ ᠲᠤ ᠣᠷᠣᠵᠤ᠂ ᠪᠥᠬᠦ ᠬᠤᠲᠠ ᠳᠤ | ᠬᠤᠪᠢ ᠨᠡᠮᠡᠷᠢ ᠦᠵᠡᠭᠦᠯᠦᠭᠰᠡᠨ ᠨᠣᠷᠮ᠎ᠠ ᠨᠢ 33.1% ᠳᠤ ᠬᠦᠷᠴᠡᠶ᠃ ᠡᠭᠦᠨ ᠳᠤ ᠬᠢᠵᠠᠭᠠᠷᠯᠠᠬᠰᠠᠨ | ᠬᠡᠮᠵᠢᠶ᠎ᠡ ᠠᠴᠠ ᠲᠡᠭᠡᠭᠰᠢᠬᠢ ᠵᠢᠵᠢᠭᠯᠡᠨ ᠪᠣᠷᠣᠯᠠᠭᠤᠯᠤᠭᠰᠠᠨ ᠬᠡᠮᠵᠢᠶ᠎ᠡ ᠲᠡᠭᠡᠷ᠎ᠡ ᠵᠢᠯ ᠤᠨ ᠠᠳᠠᠯᠢ | ᠬᠤᠭᠤᠴᠠᠭᠠᠨ ᠤ ᠬᠢ ᠠᠴᠠ 6.6 % ᠪᠠᠷ ᠨᠡᠮᠡᠭᠳᠡᠪᠡ᠃ ᠬᠡᠷᠡᠭᠯᠡᠭᠡᠨ ᠤ ᠬᠡᠯᠪᠡᠷᠢ ᠪᠠᠶᠢᠳᠠᠯ ᠢᠶᠠᠷ ᠲᠥᠷᠥᠯ ᠬᠤᠪᠢᠶᠠᠵᠤ | ᠦᠵᠡᠪᠡᠯ᠂ ᠢᠳᠡᠭᠡᠨ ᠤᠮᠳᠠᠭᠠᠨ ᠤ ᠣᠷᠣᠯᠭ᠎ᠠ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 6.7% ᠪᠠᠷ | ᠨᠡᠮᠡᠭᠳᠡᠪᠡ︔ ᠲᠠᠸᠠᠷ ᠤᠨ ᠵᠢᠵᠢᠭᠯᠡᠨ ᠪᠣᠷᠣᠯᠠᠭᠤᠯᠤᠬᠰᠠᠨ ᠬᠡᠮᠵᠢᠶ᠎ᠡ ᠲᠡᠭᠡᠷ᠎ᠡ ᠵᠢᠯ ᠤᠨ ᠠᠳᠠᠯᠢ | ᠬᠤᠭᠤᠴᠠᠭᠠᠨ ᠤ ᠬᠢ ᠠᠴᠠ 6.6% ᠪᠠᠷ ᠨᠡᠮᠡᠭᠳᠡᠪᠡ᠃ | ᠭᠤᠤᠯ ᠪᠣᠯᠬᠤ ᠲᠠᠸᠠᠷ ᠤᠨ ᠲᠥᠷᠥᠯ ᠢᠯᠭᠠᠯ ᠠᠴᠠ ᠦᠵᠡᠪᠡᠯ᠂ ᠬᠡᠷ ᠤᠨ ᠴᠠᠬᠢᠯᠭᠠᠨ ᠬᠡᠷᠡᠭᠰᠡᠯ ᠤᠨ | ᠲᠥᠷᠥᠯ ᠤᠨ ᠬᠡᠷᠡᠭᠯᠡᠭᠡ ᠶᠡᠭᠡ ᠪᠠᠷ ᠨᠡᠮᠡᠭᠳᠡᠵᠦ᠂ ᠬᠡᠷ ᠤᠨ ᠴᠠᠬᠢᠯᠭᠠᠨ ᠬᠡᠷᠡᠭᠰᠡᠯ ᠪᠠ ᠲᠠᠭᠤ ᠳᠦᠷᠰᠦ | ᠰᠢᠩᠭᠡᠭᠡᠯᠲᠡ ᠶᠢᠨ ᠪᠠᠭᠠᠵᠢ ᠬᠡᠷᠡᠭᠰᠡᠯ ᠤᠨ ᠲᠥᠷᠥᠯ ᠤᠨ ᠵᠢᠵᠢᠭᠯᠡᠨ ᠪᠤᠷᠤᠯᠠᠭᠤᠯᠤᠬᠰᠠᠨ ᠬᠡᠮᠵᠢᠶ᠎ᠡ ᠲᠡᠭᠡᠷ᠎ᠡ ᠵᠢᠯ ᠤᠨ | ᠠᠳᠠᠯᠢ ᠬᠤᠭᠤᠴᠠᠭᠠᠨ ᠤ ᠬᠢ ᠠᠴᠠ 47.6 % ᠪᠠᠷ ᠨᠡᠮᠡᠭᠳᠡᠵᠦ᠂ 1— 9 ᠰᠠᠷ᠎ᠠ ᠶᠢᠨ ᠬᠢ ᠠᠴᠠ ᠵᠠᠭᠤᠨ ᠤ | ᠬᠠᠷᠢᠴᠠᠯ ᠢᠶᠠᠷ 27.8 ᠬᠤᠪᠢ ᠲᠦᠷᠬᠡᠨ ᠪᠤᠯᠵᠤ᠂ ᠬᠢᠵᠠᠭᠠᠷᠯᠠᠬᠰᠠᠨ ᠬᠡᠮᠵᠢᠶ᠎ᠡ ᠠᠴᠠ ᠳᠡᠭᠡᠭᠰᠢᠬᠢ ᠬᠡᠷᠡᠭᠯᠡᠭᠡᠨ ᠤ | ᠵᠦᠶᠯ ᠤᠨ ᠵᠢᠵᠢᠭᠯᠡᠨ ᠪᠤᠷᠤᠯᠠᠭᠤᠯᠤᠬᠰᠠᠨ ᠬᠡᠮᠵᠢᠶ᠎ᠡ ᠶᠢᠨ ᠨᠡᠮᠡᠭᠳᠡᠯ ᠢ ᠵᠠᠭᠤᠨ ᠤ ᠬᠠᠷᠢᠴᠠᠯ ᠢᠶᠠᠷ 0.6 ᠬᠤᠪᠢ | ᠲᠠᠶᠢᠴᠢᠯᠠᠪᠠ᠃ ᠤᠮᠳᠠᠭᠠᠨ ᠤ ᠲᠥᠷᠥᠯ᠂ ᠠᠷᠢᠬᠢ ᠲᠠᠮᠠᠬᠢᠨ ᠤ ᠲᠥᠷᠥᠯ ᠬᠤᠶᠠᠷ ᠣᠷᠣᠨᠲᠤ ᠲᠤᠭ᠎ᠠ ᠶᠢᠨ ᠨᠡᠮᠡᠭᠳᠡᠯ ᠢ | ᠪᠠᠲᠤᠯᠠᠵᠤ᠂ ᠲᠠᠸᠠᠷ ᠢ ᠵᠢᠵᠢᠭᠯᠡᠨ ᠪᠤᠷᠤᠯᠠᠭᠤᠯᠤᠬᠰᠠᠨ ᠬᠡᠮᠵᠢᠶ᠎ᠡ ᠶᠢᠨ ᠨᠡᠮᠡᠭᠳᠡᠯ ᠠᠴᠠ ᠲᠦᠷᠭᠡᠨ ᠪᠣᠯᠵᠣ᠂ ᠲᠡᠭᠡᠷ᠎ᠡ | ᠵᠢᠯ ᠤᠨ ᠠᠳᠠᠯᠢ ᠬᠤᠭᠤᠴᠠᠭᠠᠨ ᠤ ᠬᠢ ᠠᠴᠠ ᠲᠣᠰ ᠲᠣᠰ 28.5%᠂ 14.3% ᠪᠠᠷ ᠨᠡᠮᠡᠭᠳᠡᠪᠡ᠃ | |