ᠬᠥᠨᠳᠡᠯᠡᠨ ᠲᠣᠭᠤᠷᠢᠭ ᠤᠨ ᠰᠣᠶᠣᠯ ᠤᠨ ᠣᠷᠳᠣᠨ ᠤ ᠯᠢ ᠧᠨ ᠵᠦᠩ ᠪᠠᠭᠰᠢ ᠶᠢᠨ ᠪᠦᠲᠦᠭᠡᠯ ᠪᠡᠭᠡᠵᠢᠩ ᠤᠨ ᠤᠯᠠᠨ ᠤᠯᠤᠰ ᠤᠨ ᠭᠡᠷᠡᠯ ᠵᠢᠷᠤᠭ ᠤᠨ ᠭᠠᠷᠠᠭ ᠤᠨ ᠠᠵᠢᠯᠯᠠᠭ᠎ᠠ ᠶᠢᠨ 2024 ᠣᠨ ᠤ ︽ᠡᠭᠦᠯᠡᠨ ᠬᠡᠷᠡᠯ ᠵᠢᠷᠤᠭ︾ ᠤᠯᠠᠨ ᠨᠡᠶᠢᠲᠡ ᠶᠢᠨ ᠭᠠᠷ ᠤᠲᠠᠰᠤᠨ ᠤ ᠭᠡᠷᠡᠯ ᠵᠢᠷᠤᠭ ᠤᠨ ᠦᠵᠡᠰᠬᠦᠯᠡᠩ ᠳᠤ ᠰᠣᠩᠭᠤᠭᠳᠠᠪᠠ
ᠨᠡᠶᠢᠲᠡᠯᠡᠭᠰᠡᠨ ᠴᠠᠭ᠄
2024/11/28
    2024 ︽ᠡᠭᠦᠯᠡᠨ ᠬᠡᠷᠡᠯ ᠵᠢᠷᠤᠭ︾ ᠣᠯᠠᠨ ᠨᠡᠶᠢᠲᠡ ᠶᠢᠨ ᠭᠠᠷ ᠤᠲᠠᠰᠤᠨ ᠤ ᠬᠡᠷᠡᠯ ᠵᠢᠷᠤᠭ ᠤᠨ ᠦᠵᠡᠰᠬᠦᠯᠡᠩ ᠤᠨ ᠠᠵᠢᠯᠯᠠᠭ᠎ᠠ ᠶᠢᠨ ᠰᠢᠯᠭᠠᠷᠠᠭᠤᠯᠤᠯᠲᠠ ᠶᠢᠨ ᠦᠷ᠎ᠡ ᠳ᠋ᠦᠩ ᠨᠡᠶᠢᠲᠡᠯᠡᠭᠳᠡᠪᠡ᠃ ᠬᠥᠨᠳᠡᠯᠡᠨ ᠲᠣᠭᠤᠷᠢᠭ ᠤᠨ ᠰᠣᠶᠣᠯ ᠤᠨ ᠣᠷᠳᠣᠨ ᠤ ᠯᠢ ᠧᠨ ᠵᠦᠩ ᠪᠠᠭᠰᠢ ᠶᠢᠨ ᠪᠦᠲᠦᠭᠡᠯ ᠠᠮᠵᠢᠯᠲᠠ ᠲᠠᠢ ᠪᠠᠷ ᠰᠣᠩᠭᠤᠭᠳᠠᠪᠠ᠃     ᠯᠢ ᠧᠨ ᠵᠥᠩ ᠪᠠᠭᠰᠢ ᠪᠣᠯ ᠬᠥᠨᠳᠡᠯᠡᠨ ᠲᠣᠭᠤᠷᠢᠭ ᠤᠨ ᠰᠣᠶᠣᠯ ᠤᠨ ᠣᠷᠳᠣᠨ ᠤ ᠣᠯᠠᠨ ᠲᠦᠮᠡᠨᠴᠢ ᠰᠤᠶᠤᠯ ᠤᠨ ᠬᠦᠳᠡᠯᠬᠡᠬᠡᠨ ᠤ ᠳᠡᠳ᠋ ᠰᠤᠳᠤᠯᠤᠬᠴᠢ ᠰᠠᠩᠴᠢ᠂ ᠳᠤᠮᠳᠠᠳᠤ ᠤᠯᠤᠰ ᠤᠨ ᠬᠡᠷᠡᠯ ᠵᠢᠷᠤᠭᠴᠢᠳ ᠤᠨ ᠡᠪᠯᠡᠯ ᠤᠨ ᠭᠡᠰᠢᠭᠦᠨ᠂ ᠳᠤᠮᠳᠠᠳᠤ ᠤᠯᠤᠰ ᠤᠨ ᠬᠡᠷᠡᠯ ᠵᠢᠷᠤᠭᠴᠢᠳ ᠤᠨ ᠡᠪᠯᠡᠯ ᠳᠤ ᠵᠢᠭᠡᠯᠡᠭᠳᠡᠨ ᠠᠵᠢᠯᠯᠠᠵᠤ᠂ 20 ᠳ᠋ᠤᠭᠠᠷ ᠬᠤᠭᠤᠴᠠᠭᠠᠨ ᠤ ᠬᠡᠷᠡᠯ ᠵᠢᠷᠤᠭ ᠤᠨ ᠤᠯᠤᠰ ᠤᠨ ᠦᠵᠡᠰᠬᠦᠯᠡᠩ ᠤᠨ ᠵᠣᠬᠢᠶᠠᠨ ᠪᠠᠶᠢᠭᠤᠯᠬᠤ ᠺᠣᠮᠢᠰ ᠤᠨ ᠰᠢᠯᠭᠠᠷᠠᠭᠤᠯᠬᠤ ᠱᠠᠲᠤᠨ ᠤ ᠠᠯᠪᠠᠨ ᠬᠡᠷ ᠤᠨ ᠳᠡᠳ᠋ ᠡᠷᠬᠢᠯᠡᠭᠴᠢ᠂ ᠤᠬᠠᠭᠤᠯᠬᠤ ᠳᠤᠭᠤᠶᠢᠯᠠᠩ ᠤᠨ ᠳᠡᠳ᠋ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ ᠥᠩᠭᠡᠷᠡᠵᠡᠶ᠃
    ᠲᠣᠰ ᠤᠳᠠᠭᠠᠨ ᠤ ᠬᠡᠷᠡᠯ ᠵᠢᠷᠤᠭ ᠤᠨ ᠦᠵᠡᠰᠬᠦᠯᠡᠩ ᠳᠤ᠂ ᠯᠢ ᠧᠨ ᠵᠥᠩ ᠪᠠᠭᠰᠢ ᠶᠢᠨ ︽ᠰᠢᠶᠠᠩ ᠲᠠᠩ ᠱᠠᠨ ᠠᠭᠤᠯᠠᠨ ᠤ ᠴᠢᠯᠠᠭᠤᠨ ᠠᠭᠤᠶ︾  ᠂ ︽ᠵᠣᠨ ᠤ ᠰᠦᠨᠢ︾ ᠭᠡᠬᠦ ᠬᠤᠶᠠᠷ ᠪᠦᠲᠦᠭᠡᠯ ᠰᠣᠩᠭᠤᠭᠳᠠᠪᠠ᠃     ︽ᠰᠢᠶᠠᠩ ᠲᠠᠩ ᠱᠠᠨ ᠠᠭᠤᠯᠠᠨ ᠤ ᠴᠢᠯᠠᠭᠤᠨ ᠠᠭᠤᠶ︾
    ︽ᠵᠣᠨ ᠤ ᠰᠦᠨᠢ︾
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号