ᠲᠤᠭᠤᠷ ᠤᠨ ᠲᠣᠬᠤᠶ ᠶᠢᠨ ᠪᠠᠭᠤᠷᠢ
ᠨᠡᠶᠢᠲᠡᠯᠡᠭᠰᠡᠨ ᠴᠠᠭ᠄
2024/11/3
   ᠲᠤᠭᠤᠷ ᠤᠨ ᠲᠤᠬᠤᠢ ᠶᠢᠨ ᠪᠠᠭᠤᠷᠢ ᠨᠢ ᠬᠥᠨᠳᠡᠯᠡᠨ ᠲᠣᠭᠤᠷᠢᠭ ᠤᠨ ᠺᠦᠨ ᠪᠸᠢ ᠬᠡᠷᠡᠭ ᠡᠷᠬᠢᠯᠡᠬᠦ ᠭᠠᠵᠠᠷ ᠤᠨ ᠬᠡᠷᠡᠮ  ᠲᠣᠰᠬᠤᠨ ᠤ ᠬᠤᠶᠢᠲᠤ ᠲᠤᠭᠤᠷ ᠤᠨ ᠲᠤᠬᠤᠢ ᠪᠠᠶᠢᠭᠠᠯᠢ ᠲᠣᠰᠬᠤᠨ ︵ᠳᠥᠷᠪᠡᠳᠦᠭᠡᠷ ᠦᠢᠯᠡᠳᠪᠦᠷᠢᠯᠡᠯ ᠤᠨ ᠪᠠᠷᠢᠭᠠᠳᠠ︶ ᠤ ᠵᠡᠭᠦᠨ ᠲᠠᠯ᠎ᠠ᠂ ᠬᠥᠨᠳᠡᠯᠡᠨ ᠭᠤᠤ ᠶᠢᠨ ᠪᠠᠷᠠᠭᠤᠨ ᠡᠮᠦᠨ᠎ᠡ ᠲᠠᠯ᠎ᠠ ᠳᠤ ᠪᠠᠶᠢᠷᠢᠯᠠᠵᠤ ᠪᠤᠢ᠃ ᠪᠠᠭᠤᠷᠢ ᠨᠢ ᠭᠤᠷᠪᠠᠨ ᠲᠠᠯ᠎ᠠ ᠪᠠᠷ ᠢᠶᠠᠨ ᠥᠨᠳᠥᠷ᠂ ᠳᠤᠮᠳᠠ ᠪᠠᠨ ᠳᠣᠣᠷ᠎ᠠ ᠰᠢᠭ᠋ ᠬᠤᠲᠣᠭᠤᠷ ᠭᠠᠵᠠᠷ ᠲᠤ ᠣᠷᠣᠰᠢᠵᠤ᠂ ᠬᠠᠪᠲᠠᠭᠠᠶ ᠵᠢᠷᠤᠭ ᠲᠡᠭᠡᠷ᠎ᠡ ᠪᠠᠨ ᠤᠷᠲᠤ ᠳᠥᠷᠪᠡᠯᠵᠢᠨ ᠬᠡᠯᠪᠡᠷᠢᠲᠡᠶ᠂ ᠵᠡᠭᠦᠨᠰᠢ ᠪᠠᠷᠠᠭᠤᠨᠰᠢ ᠪᠠᠨ 185 ᠮᠧᠲᠷ ᠤᠷᠲᠤ᠂ ᠡᠮᠦᠨᠡᠰᠢ ᠤᠮᠠᠷᠠᠰᠢ ᠪᠠᠨ 136 ᠮᠧᠲᠷ ᠥᠷᠭᠡᠨ᠂ ᠶᠡᠷᠦᠩᠬᠡᠢ ᠲᠠᠯᠠᠪᠠᠶ ᠨᠢ 25083 ᠲᠡᠭᠰᠢ ᠳᠥᠷᠪᠡᠯᠵᠢᠨ ᠮᠧᠲᠷ᠃ ᠪᠠᠭᠤᠷᠢ ᠶᠢᠨ ᠳᠣᠲᠣᠷ᠎ᠠ ᠪᠠᠷᠢᠯᠭ᠎ᠠ ᠶᠢᠨ ᠰᠠᠭᠤᠷᠢ ᠬᠤᠶᠠᠷ ᠭᠠᠵᠠᠷ ᠪᠠᠶᠢᠵᠤ᠂ ᠲᠤᠰ ᠲᠤᠰ ᠪᠠᠭᠤᠷᠢ ᠶᠢᠨ ᠵᠡᠭᠦᠨ ᠪᠠ ᠡᠮᠦᠨ᠎ᠡ ᠲᠠᠯ᠎ᠠ ᠳᠤ ᠪᠤᠢ᠃ ᠪᠠᠭᠤᠷᠢ ᠶᠢᠨ ᠪᠠᠷᠠᠭᠤᠨ ᠬᠤᠶᠢᠲᠤ ᠶᠢᠨ ᠵᠢᠵᠢᠭ ᠠᠭᠤᠯᠠᠨ ᠣᠷᠣᠶ ᠳᠡᠭᠡᠷ᠎ᠡ ᠨᠢ ᠨᠢᠭᠡ ᠪᠦᠮᠪᠦᠬᠡᠯᠢᠭ ᠬᠡᠯᠪᠡᠷᠢ ᠲᠠᠢ ᠴᠢᠯᠠᠭᠤ ᠪᠠᠶᠢᠵᠤ᠂ ᠳ᠋ᠢᠶᠠᠮᠧᠲᠷ ᠨᠢ 10 ᠮᠧᠲᠷ᠂  ᠴᠢᠯᠠᠭᠤ ᠪᠠᠷ ᠪᠠᠷᠢᠬᠰᠠᠨ ᠬᠡᠷᠡᠮ ᠤᠨ ᠥᠷᠭᠡᠨ ᠨᠢ 2 ᠮᠧᠲᠷ ᠪᠣᠯᠤᠨ᠎ᠠ᠃ ᠭᠠᠵᠠᠷ ᠤᠨ ᠭᠠᠳᠠᠷᠭᠤ ᠶᠢ ᠨᠠᠷᠢᠨ ᠳᠡᠭᠡᠰᠦᠨ ᠬᠡ ᠲᠠᠢ᠂ ᠲᠠᠰᠤᠷᠬᠠᠢ ᠳᠡᠭᠡᠰᠦᠨ ᠬᠡ ᠲᠠᠢ ᠦᠨᠡᠰᠦᠨ ᠦᠩᠭᠡ ᠲᠠᠢ ᠸᠠᠭᠠᠷ ᠲᠤᠭᠤᠰᠬ᠎ᠠ ᠪᠠᠷ ᠲᠠᠪᠢᠰᠴᠠᠢ᠃ ᠪᠠᠭᠤᠷᠢ ᠠᠴᠠ ᠴᠤᠬᠯᠠᠭᠤᠯᠤᠬᠰᠠᠨ ᠬᠠᠭᠤᠴᠢ ᠡᠳ᠋ ᠬᠡᠷᠡᠭᠰᠡᠯ ᠢ ᠦᠨᠳᠦᠰᠦᠯᠡᠵᠤ ᠪᠠᠭᠤᠷᠢ ᠶᠢᠨ ᠪᠤᠢ ᠪᠤᠯᠤᠬᠰᠠᠨ ᠴᠠᠭ ᠢ ᠮᠠᠭᠠᠳᠯᠠᠪᠠᠯ᠂ ᠲᠤᠰ ᠪᠠᠭᠤᠷᠢ ᠪᠣᠯ ᠪᠠᠶᠢᠯᠳᠤᠭᠠᠨᠲᠤ ᠤᠯᠤᠰ ᠠᠴᠠ ᠬᠠᠨ ᠤᠯᠤᠰ ᠬᠦᠷᠲᠡᠯᠡᠬᠢ ᠦᠶ᠎ᠡ ᠶᠢᠨ ᠨᠢᠬᠡᠨ ᠴᠡᠷᠢᠭ ᠤᠨ ᠶᠠᠪᠤᠳᠠᠯ ᠤᠨ ᠰᠡᠷᠭᠡᠶᠢᠯᠡᠯᠲᠡ ᠶᠢᠨ  ᠪᠠᠷᠢᠯᠭ᠎ᠠ ᠪᠣᠯᠤᠨ᠎ᠠ᠃ 2014 ᠣᠨ ᠤ 6 ᠰᠠᠷ᠎ᠠ ᠳᠤ᠂ ᠳᠥᠷᠪᠡᠳᠦᠭᠡᠷ ᠪᠦᠯᠦᠭ ᠤᠨ ᠬᠤᠲᠠ ᠶᠢᠨ ᠲᠡᠰ ᠤᠨ ᠭᠤᠤᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠶᠯᠡᠰ ᠤᠨ ᠬᠠᠮᠠᠭᠠᠯᠠᠯᠲᠠ ᠶᠢᠨ ᠨᠢᠭᠡᠴᠢ ᠪᠤᠯᠪᠠ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号