ᠡᠳᠦᠷ ᠲᠤᠲᠤᠮ ᠤᠨ ᠠᠮᠢᠳᠤᠷᠠᠯ ᠳᠤᠮᠳᠠ ᠬᠠᠭᠤᠴᠢᠷᠠᠭᠰᠠᠨ ᠴᠠᠬᠢᠯᠭᠠᠨ ᠬᠡᠷᠡᠭᠰᠡᠯ ᠤᠨ ᠳᠠᠭᠠᠭᠠᠴᠠ | ᠬᠡᠲᠦᠷᠡᠭᠰᠡᠨ ᠴᠠᠬᠢᠯᠭᠠᠨ ᠤᠲᠠᠰᠤᠨ ᠬᠠᠪᠲᠠᠰᠤ ᠶᠢ ᠬᠡᠷᠡᠭᠯᠡᠵᠦ ᠳᠠᠭᠤᠰᠤᠭᠠᠳ ᠴᠠᠭ ᠲᠤᠬᠠᠶ ᠳᠤᠨᠢ ᠴᠠᠬᠢᠯᠭᠠᠨ ᠢ | ᠰᠠᠯᠭᠠᠵᠤ ᠲᠠᠯᠪᠢᠬᠰᠠᠨ ᠦᠬᠡᠢ ᠴᠠᠬᠢᠯᠭᠠᠨ ᠴᠡᠨᠡᠭᠯᠡᠭᠦᠷ ᠵᠡᠷᠬᠡ ᠡᠯ᠎ᠡ ᠲᠥᠷᠥᠯ ᠤᠨ ᠵᠢᠷᠤᠮᠵᠢᠭᠤᠨ ᠪᠤᠰᠤ ᠴᠠᠬᠢᠯᠭᠠᠨ | ᠬᠡᠷᠡᠭᠯᠡᠬᠦ ᠦᠶᠯᠡ ᠠᠵᠢᠯᠯᠠᠭ᠎ᠠ ᠨᠢ ᠴᠥᠮ ᠬᠡᠷ ᠪᠦᠯᠢ ᠶᠢᠨ ᠭᠠᠯ ᠤᠨ ᠠᠶᠤᠯ ᠢ ᠡᠭᠦᠰᠭᠡᠵᠦ ᠡᠳ᠋ ᠬᠥᠷᠥᠩᠭᠡ ᠶᠢ | ᠬᠤᠬᠢᠷᠠᠯ ᠤᠴᠠᠷᠠᠭᠤᠯᠵᠤ ᠮᠡᠳᠡᠬᠦ ᠪᠥᠭᠡᠳ ᠴᠢᠨᠠᠭᠰᠢᠯᠠᠪᠠᠯ ᠬᠥᠮᠦᠨ ᠬᠠᠷ᠎ᠠ ᠥᠭᠦᠵᠦ ᠰᠢᠷᠬᠠᠲᠤᠵᠤ ᠮᠡᠳᠡᠨ᠎ᠡ᠃ | ᠴᠠᠬᠢᠯᠭᠠᠨ ᠤ ᠭᠠᠯ ᠤᠨ ᠠᠶᠤᠯ ᠢ ᠬᠡᠷᠬᠢᠨ ᠰᠡᠷᠭᠡᠶᠢᠯᠡᠬᠦ ᠪᠤᠢ᠄ | 1. ᠬᠤᠳᠠᠯᠳᠤᠨ ᠠᠪᠬᠤ ᠳᠠᠭᠠᠨ ᠶᠠᠰᠤ ᠴᠢᠨᠡᠷ ᠪᠠᠷᠢᠮᠵᠢᠶ᠎ᠠ ᠳᠤ ᠬᠦᠷᠦᠭᠰᠡᠨ ᠲᠡᠮᠳᠡᠭ ᠢᠯᠡᠷᠬᠡᠶᠢᠯᠡᠯ ᠪᠠᠶᠢᠬᠤ | ᠡᠰᠡᠬᠦ ᠶᠢ ᠲᠤᠳᠤᠷᠬᠠᠢ ᠦᠵᠡᠬᠦ ᠬᠡᠷᠡᠭᠲᠡᠶ᠃ ᠤᠷᠤᠨ ᠰᠠᠭᠤᠴᠠ ᠶᠢ ᠴᠠᠬᠢᠯᠭᠠᠨ ᠬᠡᠷᠡᠭᠰᠡᠯ᠂ ᠴᠠᠬᠢᠯᠭᠠᠨ ᠤᠲᠠᠰᠤ ᠶᠢ | ᠵᠠᠰᠠᠨ ᠴᠢᠮᠡᠭᠯᠡᠬᠦ ᠪᠤᠶᠤ ᠰᠣᠯᠢᠬᠤ ᠳᠠᠭᠠᠨ ᠴᠢᠨᠠᠷ ᠰᠠᠶᠢᠲᠠᠢ ᠶᠠᠰᠤ ᠴᠢᠨᠡᠷ ᠬᠢᠷᠢ ᠲᠡᠩᠴᠡᠭᠰᠡᠨ ᠴᠠᠬᠢᠯᠭᠠᠨ ᠤᠲᠠᠰᠤ ᠪᠠ | ᠤᠭᠰᠠᠷᠠᠭ᠎ᠠ ᠲᠤᠨᠤᠭ ᠢ ᠬᠤᠳᠠᠯᠳᠤᠨ ᠠᠪᠬᠤ ᠬᠡᠷᠡᠭᠲᠡᠢ᠂ ᠦᠨ᠎ᠡ ᠬᠠᠩᠰᠢ ᠶᠢ ᠬᠢᠮᠳᠠ ᠬᠡᠵᠤ ︽ᠭᠤᠷᠪᠠ ᠦᠭᠡᠢ︾ | ᠦᠢᠯᠡᠳᠬᠦᠨ ᠢ ᠬᠤᠳᠠᠯᠳᠤᠨ ᠠᠪᠴᠦ ᠪᠣᠯᠬᠤ ᠦᠭᠡᠢ᠂ ᠨᠡᠩ ᠴᠤ ᠬᠠᠭᠤᠷᠮᠠᠭ ᠮᠠᠭᠤ ᠦᠢᠯᠡᠳᠬᠦᠨ ᠢ ᠬᠤᠳᠠᠯᠳᠤᠨ | ᠠᠪᠴᠤ ᠪᠣᠯᠬᠤ ᠦᠭᠡᠢ᠃ | 2. ᠴᠠᠬᠢᠯᠭᠠᠨ ᠤᠳᠠᠰᠤ ᠴᠠᠬᠢᠯᠭᠠᠨ ᠬᠡᠯᠬᠢᠶ᠎ᠡ ᠶᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠬᠤ ᠬᠡᠷᠡᠭᠲᠡᠢ᠃ | ᠭᠡᠷ ᠤᠨ ᠴᠠᠬᠢᠯᠭᠠᠨ ᠬᠡᠷᠡᠭᠰᠡᠯ ᠤᠨ ᠲᠥᠬᠦᠭᠡᠷᠦᠮᠵᠢ᠂ ᠴᠠᠬᠢᠯᠭᠠᠨ ᠤᠳᠠᠰᠤ ᠴᠠᠬᠢᠯᠭᠠᠨ ᠬᠡᠯᠬᠢᠶ᠎ᠡ ᠶᠢ ᠲᠣᠭᠲᠠᠮᠠᠯ | ᠬᠤᠭᠤᠴᠠᠭ᠎ᠠ ᠲᠠᠢ ᠪᠠᠷ ᠪᠠᠶᠢᠴᠠᠭᠠᠨ ᠬᠠᠮᠠᠭᠠᠯᠠᠵᠤ᠂ ᠬᠠᠭᠤᠴᠢᠷᠠᠭᠰᠠᠨ ᠴᠠᠬᠢᠯᠭᠠᠨ ᠤᠲᠠᠰᠤ ᠪᠣᠯᠤᠨ ᠴᠠᠬᠢᠯᠭᠠᠨ | ᠬᠡᠷᠡᠭᠰᠡᠯ ᠢ ᠴᠠᠭ ᠲᠤᠬᠠᠶ ᠳᠤᠨᠢ ᠰᠣᠯᠢᠵᠤ᠂ ︽ᠠᠰᠠᠭᠤᠳᠠᠯ ᠲᠠᠢ︾ ᠠᠵᠢᠯᠯᠠᠬᠤ ᠠᠴᠠ ᠵᠠᠶᠢᠯᠠᠰᠬᠢᠬᠦ ᠬᠡᠷᠡᠭᠲᠡᠶ᠃ | 3. ᠭᠠᠯ ᠤᠨᠲᠠᠷᠠᠭᠠᠬᠤ ᠲᠤᠨᠤᠭ ᠲᠦᠬᠦᠭᠡᠷᠦᠮᠵᠢ ᠶᠢ ᠭᠦᠢᠴᠡᠳ ᠲᠤᠬᠢᠷᠠᠭᠤᠯᠬᠤ ᠬᠡᠷᠡᠭᠲᠡᠢ᠃ ᠴᠠᠬᠢᠯᠭᠠᠨ | ᠬᠡᠷᠡᠭᠰᠡᠯ ᠤᠨ ᠲᠥᠬᠦᠭᠡᠷᠦᠮᠵᠢ ᠬᠡᠷᠡᠭᠯᠡᠬᠦ ᠲᠠᠯᠠᠪᠤᠷ ᠭᠠᠵᠠᠷ ᠨᠢ ᠰᠠᠯᠬᠢ ᠰᠠᠶᠢᠨ ᠨᠡᠪᠲᠡᠷᠡᠬᠦ ᠪᠠ ᠢᠯᠴᠢ ᠲᠠᠷᠬᠠᠭᠠᠬᠤ | ᠨᠥᠬᠦᠴᠡᠯ ᠲᠠᠢ ᠪᠠᠶᠢᠵᠤ᠂ ᠭᠠᠯ ᠤᠨᠲᠠᠷᠠᠭᠠᠬᠤ ᠲᠤᠨᠤᠭ ᠲᠦᠬᠦᠭᠡᠷᠦᠮᠵᠢ ᠨᠢ ᠪᠦᠷᠢᠨ ᠪᠦᠲᠦᠨ ᠪᠦᠲᠦᠮᠵᠢᠲᠡᠶ | ᠪᠠᠶᠢᠬᠤ ᠶᠢ ᠪᠠᠲᠤᠯᠠᠬᠤ ᠶᠢᠨ ᠬᠠᠮᠲᠤ ᠭᠠᠯ ᠤᠨᠲᠠᠷᠠᠭᠠᠭᠤᠷ ᠢ ᠭᠦᠢᠴᠡᠳ ᠲᠣᠬᠢᠷᠠᠭᠤᠯᠬᠤ ᠬᠡᠷᠡᠭᠲᠡᠶ᠃ | 4. ᠴᠠᠬᠢᠯᠭᠠᠨ ᠲᠦᠭᠡᠭᠡᠬᠦ ᠲᠠᠪᠠᠭ ᠢ ᠵᠦᠢ ᠵᠣᠬᠢᠰᠲᠠᠢ ᠤᠭᠰᠠᠷᠠᠬᠤ ᠬᠡᠷᠡᠭᠳᠡᠢ᠃ ᠴᠠᠬᠢᠯᠭᠠᠨ ᠲᠦᠭᠡᠭᠡᠬᠦ | ᠲᠠᠪᠠᠭ ᠢ ᠠᠮᠤᠷ ᠲᠦᠪᠰᠢᠨ ᠭᠠᠵᠠᠷ ᠤᠭᠰᠠᠷᠠᠵᠤ᠂ ᠴᠠᠬᠢᠯᠭᠠᠨ ᠲᠦᠭᠡᠭᠡᠬᠦ ᠲᠠᠪᠠᠭ ᠤᠨ ᠳᠤᠤᠷ᠎ᠠ ᠨᠣᠴᠣᠮᠠᠲᠠᠭᠠᠶ᠂ | ᠲᠡᠰᠦᠷᠡᠮᠡᠲᠡᠭᠡᠶ ᠡᠳ᠋ ᠪᠣᠳᠠᠰ ᠢ ᠣᠪᠣᠭᠠᠯᠠᠵᠤ ᠪᠣᠯᠬᠤ ᠥᠬᠡᠶ᠂ ᠳᠤᠷ᠎ᠠ ᠪᠠᠷ ᠢᠶᠠᠨ ᠪᠦᠳᠦᠭᠦᠨ ᠬᠠᠮᠠᠭᠠᠯᠠᠭᠤᠷ ᠤᠳᠠᠰᠤ | ᠪᠠᠷ ᠰᠤᠯᠢᠬᠤ ᠪᠤᠶᠤ ᠲᠡᠮᠦᠷ ᠤᠲᠠᠰᠤ᠂ ᠵᠡᠰ ᠤᠲᠠᠰᠤ ᠵᠡᠷᠭᠡ ᠪᠠᠷ ᠣᠷᠣᠯᠠᠭᠤᠯᠵᠤ ᠪᠣᠯᠬᠤ ᠥᠬᠡᠶ᠃ | 5. ᠳᠠᠭᠠᠭᠠᠴᠠ ᠠᠴᠠ ᠬᠡᠲᠦᠷᠡᠭᠦᠯᠦᠨ ᠴᠠᠬᠢᠯᠭᠠᠨ ᠬᠡᠷᠡᠭᠯᠡᠬᠦ ᠶᠢ ᠴᠢᠩᠭ᠎ᠠ ᠴᠠᠭᠠᠵᠠᠯᠠᠬᠤ ᠬᠡᠷᠡᠭᠲᠡᠢ᠃ ᠶᠡᠭᠡ | ᠴᠢᠳᠡᠮᠵᠢᠲᠦ ᠤᠯᠠᠨ ᠴᠠᠬᠢᠯᠭᠠᠨ ᠬᠡᠷᠡᠭᠰᠡᠯ ᠢ ᠴᠢᠳᠠᠬᠤ ᠶᠢᠨ ᠬᠢᠷᠢ ᠪᠠᠷ ᠴᠤᠬᠭᠠᠷ ᠬᠡᠷᠡᠭᠯᠡᠵᠦ ᠪᠣᠯᠬᠤ ᠦᠭᠡᠢ᠂ | ᠣᠨᠴᠠᠭᠠᠶᠢᠯᠠᠨ ᠴᠠᠬᠢᠯᠭᠠᠨ ᠬᠡᠷᠡᠭᠯᠡᠬᠦ ᠣᠷᠭᠢᠯ ᠤᠨ ᠣᠶᠶ᠎ᠠ ᠳᠤ ᠴᠤᠬᠭᠠᠷ ᠬᠡᠷᠡᠭᠯᠡᠵᠤ ᠪᠤᠯᠬᠤ ᠦᠬᠡᠢ᠃ ᠶᠡᠭᠡ | ᠪᠠᠭᠲᠠᠭᠠᠮᠵᠢᠲᠤ ᠴᠠᠬᠢᠯᠭᠠᠨ ᠬᠡᠷᠡᠭᠯᠡᠬᠦ ᠲᠤᠨᠤᠭ ᠲᠥᠬᠦᠭᠡᠷᠦᠮᠵᠢ ᠶᠢ ᠲᠤᠰᠬᠠᠶ ᠬᠡᠷᠡᠭᠯᠡᠬᠦ ᠴᠠᠬᠢᠯᠭᠠᠨ ᠬᠡᠯᠬᠢᠶ᠎ᠡ ᠶᠢ | ᠬᠡᠷᠡᠭᠯᠡᠬᠦ ᠬᠡᠷᠡᠭᠳᠡᠢ᠃ ᠴᠠᠬᠢᠯᠭᠠᠨ ᠤᠲᠠᠰᠤ ᠶᠢ ᠳᠤᠷ᠎ᠠ ᠪᠠᠷ ᠲᠠᠲᠠᠵᠤ ᠵᠠᠯᠭᠠᠵᠤ ᠪᠣᠯᠬᠤ ᠦᠭᠡᠢ᠂ ᠣᠯᠠᠨ ᠴᠠᠬᠢᠯᠭᠠᠨ | ᠬᠡᠷᠡᠭᠰᠡᠯ ᠬᠠᠮᠲᠤ ᠪᠠᠷ ᠨᠢᠭᠡ ᠴᠠᠬᠢᠯᠭᠠᠨ ᠤᠭᠯᠠᠭᠤᠷᠭ᠎ᠠ ᠶᠢ ᠬᠡᠷᠡᠭᠯᠡᠵᠦ ᠪᠣᠯᠬᠤ ᠦᠭᠡᠢ᠃ | 6. ᠴᠠᠬᠢᠯᠭᠠᠨ ᠬᠡᠷᠡᠭᠰᠡᠯ ᠢ ᠬᠡᠷᠡᠭᠯᠡᠬᠦ ᠬᠤᠭᠤᠴᠠᠭ᠎ᠠ ᠠᠴᠠ ᠬᠡᠲᠦᠷᠡᠭᠦᠯᠦᠨ ᠬᠡᠷᠡᠭᠯᠡᠵᠤ ᠪᠤᠯᠬᠤ ᠦᠬᠡᠢ᠃ ᠭᠡᠷ ᠤᠨ | ᠴᠠᠬᠢᠯᠭᠠᠨ ᠬᠡᠷᠡᠭᠰᠡᠯ ᠤᠨ ᠭᠠᠳᠠᠷ ᠲᠠᠯ᠎ᠠ ᠶᠢᠨ ᠬᠥᠨᠳᠡᠶᠢᠷᠡᠭᠦᠯᠦᠭᠴᠢ ᠳᠠᠪᠬᠤᠷᠭ᠎ᠠ ᠨᠢ ᠬᠡᠷᠡᠭᠯᠡᠭᠰᠡᠨ ᠬᠤᠭᠤᠴᠠᠭ᠎ᠠ ᠨᠢ | ᠬᠡᠳᠦᠢ ᠤᠷᠳᠦ ᠪᠣᠯ ᠲᠡᠳᠦᠢ ᠠᠮᠠᠷᠬᠠᠨ ᠡᠪᠳᠡᠭᠳᠡᠵᠤ᠂ ᠬᠥᠨᠳᠡᠶᠢᠷᠡᠭᠦᠯᠬᠦ ᠦᠢᠯᠡᠳᠦᠯ ᠢᠶᠠᠨ ᠠᠯᠳᠠᠵᠤ᠂ ᠨᠦᠢᠲᠠᠨ | ᠴᠢᠭᠢᠭᠯᠢᠭ ᠠᠭᠤᠷ ᠠᠮᠢᠰᠬᠤᠯ ᠲᠣᠬᠢᠶᠠᠯᠳᠤᠬᠤ ᠪᠤᠶᠤ᠂ ᠤᠰᠤ ᠲᠡᠮᠦᠷᠯᠢᠭ ᠳᠠᠮᠵᠢᠭᠤᠯᠤᠭᠴᠢ ᠳᠤ ᠨᠡᠪᠴᠢᠨ ᠣᠷᠣᠬᠤ | ᠦᠶᠡᠰ᠂ ᠬᠢᠯᠪᠠᠷᠬᠠᠨ ᠳᠥᠲᠡᠯᠡᠯ ᠡᠭᠦᠰᠴᠦ ᠭᠠᠯ ᠤᠨ ᠠᠶᠤᠯ ᠡᠭᠦᠰᠦᠨ᠎ᠡ᠃ | 7. ᠴᠠᠬᠢᠯᠭᠠᠨ ᠬᠡᠷᠡᠭᠰᠡᠯ ᠵᠡᠷᠬᠡ ᠲᠤᠨᠤᠭ ᠲᠥᠬᠦᠭᠡᠷᠦᠮᠵᠢ ᠶᠢ ᠵᠢᠷᠤᠮᠵᠢᠭᠤᠯᠤᠨ ᠬᠡᠷᠡᠭᠯᠡᠬᠦ ᠬᠡᠷᠡᠭᠳᠡᠢ᠃ ᠬᠡᠷᠡᠭᠯᠡᠬᠦ | ᠲᠣᠳᠣᠷᠬᠠᠶᠢᠯᠠᠯᠲᠠ ᠶᠢᠨ ᠪᠢᠴᠢᠭ ᠪᠤᠶᠤ ᠠᠵᠢᠯᠯᠠᠭᠤᠯᠬᠤ ᠳᠦᠷᠢᠮ ᠢ ᠴᠢᠩᠭ᠎ᠠ ᠵᠢᠷᠤᠮᠯᠠᠨ ᠭᠡᠷ ᠤᠨ ᠴᠠᠬᠢᠯᠭᠠᠨ | ᠬᠡᠷᠡᠭᠰᠡᠯ ᠢ ᠬᠡᠷᠡᠭᠯᠡᠵᠦ᠂ ᠵᠣᠬᠢᠰ ᠦᠭᠡᠶ ᠬᠡᠷᠡᠭᠯᠡᠭᠰᠡᠨ ᠠᠴᠠ ᠪᠣᠯᠵᠤ ᠴᠠᠬᠢᠯᠭᠠᠨ ᠬᠡᠷᠡᠭᠰᠡᠯ ᠭᠡᠮᠲᠦᠯ ᠭᠠᠷᠴᠤ ᠭᠠᠯ ᠤᠨ | ᠠᠶᠤᠯ ᠡᠭᠦᠰᠬᠦ ᠠᠴᠠ ᠰᠡᠷᠭᠡᠶᠢᠯᠡᠬᠦ ᠬᠡᠷᠡᠭᠲᠡᠶ᠃ | 8. ᠴᠠᠬᠢᠯᠭᠠᠨ ᠡᠭᠦᠰᠭᠡᠭᠴᠢ ᠶᠢ ᠴᠠᠭ ᠲᠤᠬᠠᠶ ᠳᠤᠨᠢ ᠬᠠᠭᠠᠬᠤ ᠬᠡᠷᠡᠭᠳᠡᠢ᠃ ᠴᠠᠬᠢᠯᠭᠠᠨ ᠬᠡᠷᠡᠭᠰᠡᠯ ᠢᠶᠠᠨ | ᠬᠡᠷᠡᠭᠯᠡᠵᠦ ᠳᠠᠭᠤᠰᠤᠭᠰᠠᠨ ᠤ ᠳᠠᠷᠠᠭ᠎ᠠ ᠴᠠᠭ ᠲᠤᠬᠠᠶ ᠳᠤᠨᠢ ᠴᠠᠬᠢᠯᠭᠠᠨ ᠡᠭᠦᠰᠭᠡᠭᠴᠢ ᠶᠢ ᠬᠠᠭᠠᠬᠤ ᠬᠡᠷᠡᠭᠲᠡᠶ᠃ | ᠭᠡᠷ ᠠᠴᠠ ᠪᠠᠨ ᠰᠠᠯᠬᠤ ᠦᠶᠡᠰ ᠴᠠᠬᠢᠯᠭᠠᠨ ᠡᠭᠦᠰᠭᠡᠭᠴᠢ ᠶᠢ ᠰᠠᠯᠭᠠᠵᠤ᠂ ᠭᠡᠷ ᠤᠨ ᠴᠠᠬᠢᠯᠭᠠᠨ ᠬᠡᠷᠡᠭᠰᠡᠯ ᠢ ᠴᠠᠭ ᠠᠴᠠ | ᠬᠡᠲᠦᠷᠡᠲᠡᠯ᠎ᠡ ᠬᠡᠷᠡᠭᠯᠡᠬᠦ᠂ ᠪᠡᠶ᠎ᠡ ᠨᠢ ᠬᠡᠲᠦᠷᠬᠡᠶ ᠬᠠᠯᠠᠬᠰᠠᠨ ᠠᠴᠠ ᠪᠤᠯᠵᠤ ᠭᠠᠯ ᠤᠨ ᠠᠶᠤᠯ ᠡᠬᠦᠰᠬᠦ ᠠᠴᠠ ᠰᠡᠷᠭᠡᠶᠢᠯᠡᠬᠦ | ᠬᠡᠷᠡᠭᠲᠡᠶ᠃ |