ᠬᠥᠨᠳᠡᠯᠡᠨ ᠲᠣᠭᠤᠷᠢᠭ 2024 ᠣᠨ ᠤ ᠳᠤᠮᠳᠠᠳᠤ ᠤᠯᠤᠰ ᠤᠨ ᠨᠣᠮ ᠤᠨ ᠰᠠᠩ ᠤᠨ ᠰᠤᠳᠤᠯᠭᠠᠨ ᠤ ᠨᠡᠶᠢᠭᠡᠮᠯᠢᠭ ᠤᠨ ︽ᠨᠤᠮ ᠤᠨ ᠬᠡᠰᠢᠭᠲᠦ ᠬᠤᠲᠠ ︵ᠲᠣᠭᠤᠷᠢᠭ ᠰᠢᠶᠠᠨ ᠤ ᠲᠡᠰ ᠤᠨ︶︾ ᠶᠢᠨ ᠨᠡᠷᠡᠰ ᠲᠤ ᠰᠣᠩᠭᠤᠭᠳᠠᠨ ᠣᠷᠣᠪᠠ
ᠨᠡᠶᠢᠲᠡᠯᠡᠭᠰᠡᠨ ᠴᠠᠭ᠄
2024/11/5
      ᠣᠶᠢᠷ᠎ᠠ ᠳᠤ᠂ 2024 ᠣᠨ ᠤ ᠳᠤᠮᠳᠠᠳᠤ ᠤᠯᠤᠰ ᠤᠨ ᠨᠣᠮ ᠤᠨ ᠰᠠᠩ ᠤᠨ ᠰᠤᠳᠤᠯᠭᠠᠨ ᠤ ᠨᠡᠶᠢᠭᠡᠮᠯᠢᠭ ᠤᠨ ︽ᠨᠤᠮ ᠤᠨ ᠬᠡᠰᠢᠭᠲᠦ ᠬᠤᠲᠠ ︵ᠲᠣᠭᠤᠷᠢᠭ ᠰᠢᠶᠠᠨ ᠤ ᠲᠡᠰ ᠤᠨ︶︾ ᠶᠢ ᠢᠯᠡᠷᠡᠭᠦᠯᠬᠦ ᠠᠵᠢᠯᠯᠠᠭ᠎ᠠ ᠶᠢᠨ ᠨᠡᠷᠡᠰ ᠢ ᠵᠢᠩᠬᠢᠨᠢ ᠪᠠᠷ ᠨᠡᠶᠢᠲᠡᠯᠡᠪᠡ᠂ ᠬᠢᠨᠠᠨ ᠰᠢᠯᠭᠠᠷᠠᠭᠤᠯᠬᠤ ᠪᠠᠷ ᠳᠡᠮᠵᠢᠨ᠂ ᠪᠥᠬᠦ ᠤᠯᠤᠰ ᠲᠤ ᠨᠡᠶᠢᠲᠡ 54 ᠬᠤᠲᠠ ︵ᠲᠣᠭᠤᠷᠢᠭ ᠰᠢᠶᠠᠨ ᠤ ᠲᠡᠰ ᠤᠨ︶ ᠰᠢᠯᠭᠠᠷᠠᠭᠤᠯᠤᠯᠲᠠ ᠳᠤ ᠣᠷᠣᠯᠴᠠᠵᠤ᠂ ᠪᠥᠬᠦ ᠤᠯᠤᠰ ᠤᠨ 23 ᠮᠤᠵᠢ ᠣᠷᠣᠨ ᠢ ᠬᠠᠮᠤᠷᠴᠤ᠂ ᠡᠴᠦᠰ ᠲᠡᠭᠡᠨ 15 ᠬᠤᠲᠠ ᠶᠢ ᠰᠢᠯᠭᠠᠷᠠᠭᠤᠯᠤᠨ ᠭᠠᠷᠭᠠᠪᠠ᠃ ︽ᠨᠤᠮ ᠤᠨ ᠬᠡᠰᠢᠭᠲᠦ ᠬᠤᠲᠠ︾ ᠪᠣᠯ ᠳᠤᠮᠳᠠᠳᠤ ᠤᠯᠤᠰ ᠤᠨ ᠨᠣᠮ ᠤᠨ ᠰᠠᠩ ᠤᠨ ᠰᠤᠳᠤᠯᠭᠠᠨ ᠤ ᠨᠡᠶᠢᠭᠡᠮᠯᠢᠭ ᠤᠨ ᠭᠤᠤᠯᠯᠠᠨ ᠡᠷᠭᠢᠯᠡᠭᠰᠡᠨ ᠤᠯᠤᠰ ᠤᠨ ᠲᠠᠰ ᠤᠨ ᠰᠢᠯᠭᠠᠷᠠᠭᠤᠯᠤᠯᠲᠠ ᠶᠢᠨ ᠠᠵᠢᠯᠯᠠᠭ᠎ᠠ ᠮᠥᠨ᠂ ᠬᠥᠨᠳᠡᠯᠡᠨ ᠲᠣᠭᠤᠷᠢᠭ ᠪᠣᠯ ᠥᠪᠡᠷᠲᠡᠭᠡᠨ ᠵᠠᠰᠠᠬᠤ ᠣᠷᠣᠨ ᠤ ᠴᠣᠷ ᠤᠨ ᠭᠠᠭᠴᠠ ᠲᠣᠭᠤᠷᠢᠭ ᠰᠢᠶᠠᠨ ᠤ ᠲᠠᠰ ᠤᠨ ᠬᠤᠲᠠ ᠮᠥᠨ᠂ ᠥᠪᠡᠷᠲᠡᠭᠡᠨ ᠵᠠᠰᠠᠬᠤ ᠣᠷᠣᠨ ᠵᠥᠪᠬᠡᠨ 5 ᠲᠣᠭᠤᠷᠢᠭ ᠰᠢᠶᠠᠨ ᠲᠤᠰ ᠰᠢᠯᠭᠠᠷᠠᠭᠤᠯᠤᠯᠳᠠ ᠳᠤ ᠰᠣᠩᠭᠤᠭᠳᠠᠵᠠᠶ᠃ ᠲᠣᠰ ᠤᠳᠠᠭᠠᠨ ᠤ ᠠᠵᠢᠯᠯᠠᠭ᠎ᠠ ᠨᠢ ᠨᠢᠭᠡ ᠪᠦᠯᠦᠭ ᠪᠠᠲᠤᠯᠠᠭ᠎ᠠ ᠶᠢᠨ ᠰᠢᠰᠲ᠋ᠧᠮ ᠨᠢ ᠪᠦᠷᠢᠨ ᠲᠡᠭᠦᠯᠳᠡᠷ᠂ ᠨᠡᠶᠢᠭᠡᠮ ᠤᠨ ᠣᠷᠣᠯᠴᠠᠯᠭ᠎ᠠ ᠥᠨᠳᠥᠷ᠂ ᠰᠢᠨ᠎ᠡ ᠶᠢ ᠡᠭᠦᠳᠬᠦ ᠴᠢᠨᠠᠷ ᠢᠶᠠᠷ ᠴᠢᠩᠭ᠎ᠠ᠂ ᠤᠩᠰᠢᠯᠭ᠎ᠠ ᠶᠢᠨ ᠦᠷ᠎ᠡ ᠪᠦᠲᠦᠮᠵᠢ ᠪᠠᠷ ᠢᠯᠡᠷᠬᠡᠢ ︽ᠨᠤᠮ ᠤᠨ ᠬᠡᠰᠢᠭᠲᠦ ᠬᠤᠲᠠ ︵ᠲᠣᠭᠤᠷᠢᠭ ᠰᠢᠶᠠᠨ ᠤ ᠲᠡᠰ ᠤᠨ︶︾ ᠶᠢ ᠠᠭᠤᠳᠠᠯᠤᠨ ᠢᠯᠡᠷᠡᠭᠦᠯᠬᠦ ᠪᠠᠷ ᠵᠣᠷᠢᠯᠭ᠎ᠠ ᠪᠠᠨ ᠪᠣᠯᠭᠠᠵᠠᠶ᠃ ︵ᠰᠣᠶᠣᠯ ᠵᠢᠭᠤᠯᠴᠢᠯᠠᠯ ᠤᠨ ᠲᠣᠪᠴᠢᠶ᠎ᠠ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号