ᠬᠥᠨᠳᠡᠯᠡᠨ ᠲᠣᠭᠤᠷᠢᠭ ᠤᠨ ᠲᠡᠦᠬᠡ ᠶᠢᠨ ᠬᠤᠪᠢᠰᠤᠯᠳᠠ ︵ᠲᠠᠪᠤ︶
ᠨᠡᠶᠢᠲᠡᠯᠡᠭᠰᠡᠨ ᠴᠠᠭ᠄
2024/11/5
    ᠰᠦᠶ ᠤᠯᠤᠰ ᠤᠨ ᠺᠠᠶ ᠬᠤᠸᠠᠩ ᠤᠨ ᠲᠠᠪᠤᠳᠤᠭᠠᠷ ᠣᠨ ︵ᠨᠠᠶᠢᠳᠠ ᠶᠢᠨ ᠣᠨ ᠲᠣᠭᠠᠯᠠᠯ ᠤᠨ 585 ᠣᠨ︶    ᠰᠦᠶ ᠤᠯᠤᠰ ᠤᠨ ᠬᠠᠭᠠᠨᠲᠦ ᠲᠥᠷᠥ ᠠᠴᠠ ᠶᠦᠨᠵᠸᠦ ᠶᠢᠨ ᠪᠦᠭᠦᠳᠡ ᠶᠢ ᠵᠠᠬᠢᠷᠬᠤ ᠹᠦ᠋ ᠶᠢ ᠪᠠᠶᠢᠭᠤᠯᠵᠤ᠂ ᠣᠳᠣ ᠶᠢᠨ ᠪᠤᠭᠤᠲᠤ ᠬᠤᠲᠠ ᠶᠢᠨ ᠬᠥᠨᠳᠡᠯᠡᠨ ᠲᠣᠭᠤᠷᠢᠭ ᠤᠨ ᠬᠠᠷᠢᠶᠠᠨ ᠳᠠᠬᠢ ᠭᠠᠵᠠᠷ ᠣᠷᠣᠨ ᠢ ᠶᠦᠨᠵᠸᠦ ᠶᠢᠨ ᠪᠦᠭᠦᠳᠡ ᠶᠢ ᠵᠠᠬᠢᠷᠬᠤ ᠹᠦ᠋ ᠳᠤ ᠬᠠᠷᠢᠶᠠᠯᠠᠭᠤᠯᠪᠠ᠃    ᠰᠦᠶ ᠤᠯᠤᠰ ᠤᠨ ᠺᠠᠶ ᠬᠤᠸᠠᠩ ᠤᠨ ᠬᠤᠷᠢᠳᠤᠭᠠᠷ ᠣᠨ ︵600 ᠣᠨ︶    ᠰᠦᠶ ᠤᠯᠤᠰ ᠤᠨ ᠬᠠᠭᠠᠨᠲᠦ ᠲᠥᠷᠥ ᠨᠢ ᠶᠦᠨᠵᠸᠦ ᠠᠴᠠ ᠲᠡᠮᠡᠭᠡᠲᠦ ᠰᠢᠶᠠᠨ᠂ ᠹᠦ᠋ ᠴᠠᠩ ᠰᠢᠶᠠᠨ᠂ ᠶᠢᠨ ᠾᠧ ᠰᠢᠶᠠᠨ ᠢ ᠰᠠᠯᠭᠠᠨ ᠭᠠᠷᠭᠠᠵᠤ᠂ ᠱᠧᠩᠵᠸᠦ ᠶᠢ ᠪᠠᠶᠢᠭᠤᠯᠵᠠᠶ᠃ ᠤᠳᠤ ᠶᠢᠨ ᠪᠤᠭᠤᠲᠤ ᠬᠤᠳᠠ ᠶᠢᠨ ᠬᠥᠨᠳᠡᠯᠡᠨ ᠲᠣᠭᠤᠷᠢᠭ ᠤᠨ ᠬᠠᠷᠢᠶᠠᠨ ᠳᠠᠬᠢ ᠭᠠᠵᠠᠷ ᠣᠷᠣᠨ ᠢ ᠱᠧᠩᠵᠧᠦ ᠶᠢᠨ ᠲᠡᠮᠡᠭᠡᠲᠦ ᠰᠢᠶᠠᠨ ︵ᠰᠢᠶᠠᠨ ᠢ ᠵᠠᠬᠢᠷᠬᠤ    ᠨᠤᠶᠠᠨ ᠤ ᠤᠷᠳᠤᠨ ᠨᠢ ᠤᠳᠤ ᠶᠢᠨ ᠶᠡᠭᠡ ᠵᠤᠤ ᠠᠶᠢᠮᠠᠭ ᠤᠨ ᠵᠡᠭᠦᠨᠭᠠᠷ ᠬᠤᠰᠢᠭᠤᠨ ᠤ ᠰᠢᠷᠠᠯᠵᠢᠳᠠᠢ  ᠰᠢᠶᠡᠩ ᠤᠨ ᠡᠷᠲᠡᠨ ᠤ ᠬᠤᠳᠠ ᠳᠤ ᠪᠠᠶᠢᠵᠠᠢ︶ ᠤ ᠬᠠᠷᠢᠶᠠᠨ ᠳᠤ ᠪᠠᠶᠢᠵᠠᠢ᠃     ᠰᠦᠶ ᠤᠯᠤᠰ ᠤᠨ ᠳ᠋ᠡ ᠶᠧ ᠶᠢᠨ ᠲᠠᠪᠤᠳᠤᠭᠠᠷ ᠣᠨ ︵ᠨᠡᠶᠢᠲᠡ ᠶᠢᠨ ᠣᠨ ᠲᠣᠭᠠᠯᠠᠯ ᠤᠨ 609 ᠣᠨ︶       ᠰᠦᠶ ᠤᠯᠤᠰ ᠤᠨ ᠬᠠᠭᠠᠨᠳᠤ ᠲᠥᠷᠥ ᠨᠢ ᠱᠧᠩᠵᠸᠦ ᠶᠢ ᠲᠡᠮᠡᠭᠡᠲᠦ ᠵᠢᠶᠦ᠋ᠨ ︵ᠵᠢᠶᠦ᠋ᠨ ᠢ ᠵᠠᠬᠢᠷᠬᠤ ᠨᠤᠶᠠᠨ ᠤ ᠤᠷᠳᠤᠨ ᠨᠢ ᠣᠳᠣ ᠶᠢᠨ ᠶᠡᠭᠡ ᠵᠣᠣ ᠠᠶᠢᠮᠠᠭ ᠤᠨ ᠵᠡᠭᠦᠨᠭᠠᠷ ᠬᠤᠰᠢᠭᠤᠨ ᠤ ᠰᠢᠷᠠᠯᠵᠢᠳᠠᠢ ᠰᠢᠶᠠᠩ ᠤᠨ ᠡᠷᠲᠡᠨ ᠤ ᠬᠤᠲᠠ ᠳᠤ ᠪᠠᠶᠢᠵᠠᠢ︶ ᠪᠣᠯᠭᠠᠨ ᠥᠭᠡᠷᠡᠴᠢᠯᠡᠪᠡ᠃ ᠣᠳᠣ ᠶᠢᠨ ᠪᠤᠭᠤᠲᠤ ᠬᠤᠲᠠ ᠶᠢᠨ ᠬᠥᠨᠳᠡᠯᠡᠨ ᠲᠣᠭᠤᠷᠢᠭ ᠤᠨ ᠬᠠᠷᠢᠶᠠᠨ ᠳᠠᠬᠢ ᠭᠠᠵᠠᠷ ᠣᠷᠣᠨ ᠪᠣᠯ ᠲᠡᠮᠡᠭᠡᠲᠦ ᠵᠢᠶᠦ᠋ᠨ ᠪᠣᠯᠤᠨ᠎ᠠ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号