ᠬᠦᠨᠳᠡᠯᠡᠨ ᠦᠢᠯᠡᠳᠪᠦᠷᠢᠴᠢᠨ ᠤ ᠵᠠᠮ ᠵᠡᠭᠡᠯᠢ ᠭᠤᠳᠤᠮᠵᠢ ︽ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠲᠠᠨᠢᠯᠴᠠᠭᠤᠯᠵᠤ︾ ᠠᠵᠢᠯ ᠣᠯᠭᠤᠯᠲᠠ ᠶᠢ ᠠᠬᠢᠭᠤᠯᠬᠤ ᠦᠶᠯᠡᠴᠢᠯᠡᠭᠡ ᠶᠢ ᠰᠢᠯᠢᠳᠡᠭᠵᠢᠬᠦᠯᠵᠦ ᠪᠤᠢ
ᠨᠡᠶᠢᠲᠡᠯᠡᠭᠰᠡᠨ ᠴᠠᠭ᠄
2024/11/6
     10 ᠰᠠᠷ᠎ᠠ ᠶᠢᠨ 18 ᠤ ᠡᠳᠦᠷ᠂ ᠬᠦᠨᠳᠡᠯᠡᠨ ᠦᠢᠯᠡᠳᠪᠦᠷᠢᠴᠢᠨ ᠤ ᠵᠠᠮ ᠵᠡᠭᠡᠯᠢ ᠭᠤᠳᠤᠮᠵᠢ ︽ᠠᠵᠢᠯ ᠦᠢᠯᠡᠰ ᠢᠶᠠᠷ ᠢᠷᠡᠬᠡᠳᠦᠢ ᠪᠠᠨ ᠴᠤᠬᠴᠠᠯᠠᠵᠤ ᠬᠦᠨᠳᠡᠯᠡᠨ ᠦᠢᠯᠡᠳᠪᠦᠷᠢᠴᠢᠨ ᠤ ᠵᠠᠮ ᠵᠡᠭᠡᠯᠢ ᠭᠤᠳᠤᠮᠵᠢ ᠶᠢᠨ ᠠᠵᠢᠯ ᠤᠯᠭᠤᠯᠲᠠ︾ ᠭᠡᠬᠦ ᠭᠤᠤᠯ ᠰᠡᠳᠦᠪᠲᠦ ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠲᠠᠨᠢᠯᠴᠠᠭᠤᠯᠬᠤ ᠠᠵᠢᠯᠯᠠᠭ᠎ᠠ ᠥᠷᠨᠢᠭᠦᠯᠪᠡ᠃ ᠲᠣᠰ ᠠᠵᠢᠯᠯᠠᠭ᠎ᠠ ᠶᠢ ᠬᠦᠨᠳᠡᠯᠡᠨ ᠦᠢᠯᠡᠳᠪᠦᠷᠢᠴᠢᠨ ᠤ ᠵᠠᠮ ᠵᠡᠭᠡᠯᠢ ᠭᠤᠳᠤᠮᠵᠢ ᠠᠴᠠ ᠭᠤᠤᠯᠯᠠᠨ ᠡᠷᠭᠢᠯᠡᠵᠦ᠂ ᠨᠥᠬᠦᠷᠯᠡᠯ 31 ᠳ᠋ᠤᠭᠡᠷ ᠨᠡᠶᠢᠭᠡᠮ ᠲᠣᠭᠤᠷᠢᠭ ᠳᠠᠭᠠᠭᠠᠨ ᠡᠷᠭᠢᠯᠡᠵᠦ᠂ ︽ᠠᠵᠤ ᠠᠬᠤᠶᠢᠯᠠᠯ ᠤᠨ ᠦᠵᠡᠭᠦᠯᠭᠡ + ᠠᠵᠢᠯ ᠤᠨ ᠪᠠᠶᠢᠷᠢ ᠶᠢᠨ ᠲᠠᠨᠢᠯᠴᠠᠭᠤᠯᠭ᠎ᠠ + ᠰᠦᠯᠵᠢᠶᠡᠨ ᠳᠡᠭᠡᠷ᠎ᠡ ᠠᠰᠠᠭᠤᠯᠲᠠ ᠬᠠᠷᠢᠭᠤᠯᠬᠤ + ᠰᠢᠭᠤᠳ ᠨᠡᠪᠲᠡᠷᠡᠭᠦᠯᠭᠡ ᠪᠠᠷ ᠬᠦᠷᠭᠡᠬᠦ︾ ᠳᠥᠷᠪᠡ ᠶᠢ ᠨᠢᠭᠡ ᠴᠤᠭᠴᠠᠵᠢᠭᠤᠯᠤᠭᠰᠠᠨ ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠲᠠᠨᠢᠯᠴᠠᠭᠤᠯᠬᠤ ᠵᠠᠭᠪᠤᠷ ᠢ ᠬᠡᠷᠡᠭᠯᠡᠵᠦ᠂ ︽ᠠᠵᠢᠯ ᠤᠨ ᠪᠠᠶᠢᠷᠢ ᠶᠢᠨ ᠲᠠᠨᠢᠯᠴᠠᠭᠤᠯᠭ᠎ᠠ + ᠮᠠᠲᠠᠭ ᠲᠠᠢ ᠠᠰᠠᠭᠤᠳᠠᠯ ᠳᠤ ᠬᠠᠷᠢᠭᠤᠯᠳᠠ ᠦᠭᠬᠦ + ᠬᠠᠯᠠᠮᠰᠢᠯ ᠠᠵᠤ ᠠᠬᠤᠶᠢᠯᠠᠯ ᠤᠨ ᠲᠠᠨᠢᠯᠴᠠᠭᠤᠯᠭ᠎ᠠ︾ ᠶᠢ ᠨᠢᠭᠡ ᠴᠤᠭᠴᠠᠵᠢᠭᠤᠯᠤᠭᠰᠠᠨ ︽ᠪᠥᠬᠦ ᠲᠠᠯ᠎ᠠ︾ ᠶᠢᠨ ᠰᠦᠯᠵᠢᠶᠡᠨ ᠳᠡᠭᠡᠷ᠎ᠡ ᠠᠵᠢᠯ ᠡᠷᠢᠬᠦ ᠦᠶᠯᠡᠴᠢᠯᠡᠭᠡ ᠶᠢ ᠪᠡᠶᠡᠯᠡᠭᠦᠯᠪᠡ᠃ ᠠᠵᠢᠯᠯᠠᠭ᠎ᠠ ᠨᠢ ᠬᠥᠨᠳᠡᠯᠡᠨ ᠲᠣᠭᠤᠷᠢᠭ ᠤᠨ ᠱᠢ ᠮᠤᠤ ᠲᠣᠮᠣ ᠪᠠᠭᠤᠳᠠᠯ᠂ ᠪᠤᠭᠤᠲᠤ ᠬᠤᠲᠠ ᠶᠢᠨ ᠰᠢ ᠵᠢᠶᠦ᠋ᠨ ᠬᠤᠪᠣᠷ ᠰᠢᠷᠣᠶ ᠶᠢᠨ ᠬᠢᠵᠠᠭᠠᠷᠲᠤ ᠺᠣᠮᠫᠠᠨᠢ ᠵᠡᠷᠭᠡ ᠣᠯᠠᠨ ᠠᠵᠤ ᠠᠬᠤᠶᠢᠯᠠᠯ ᠢ ᠤᠷᠢᠵᠤ᠂ ᠨᠠᠷᠢᠨ ᠪᠢᠴᠢᠭᠡᠴᠢ᠂ ᠲᠡᠷᠭᠡ ᠬᠥᠰᠬᠡ ᠪᠠᠶᠢᠴᠠᠭᠠᠨ ᠵᠠᠰᠠᠬᠤ ᠠᠵᠢᠯᠴᠢᠨ ᠵᠡᠷᠭᠡ 20 ᠠᠳᠠᠯᠢ ᠪᠤᠰᠤ ᠲᠤᠰᠢᠶᠠᠯ ᠤᠨ ᠪᠠᠶᠢᠷᠢ ᠬᠠᠩᠭᠠᠵᠤ᠂ 40 ᠠᠵᠢᠯ ᠤᠨ ᠪᠠᠶᠢᠷᠢ ᠬᠠᠩᠭᠠᠵᠤ᠂ ᠰᠢᠭᠤᠳ ᠨᠡᠪᠲᠡᠷᠡᠭᠦᠯᠬᠦ ᠬᠤᠭᠤᠴᠠᠭᠠᠨ ᠳᠤ ᠨᠡᠶᠢᠲᠡ 175 ᠬᠤᠪᠢ ᠲᠣᠪᠴᠢ ᠨᠠᠮᠲᠠᠷ ᠶᠢ ᠲᠤᠰᠤᠨ ᠣᠯᠵᠠᠶ᠃ ᠲᠣᠰ ᠤᠳᠠᠭ᠎ᠠ ᠶᠢᠨ ᠰᠢᠭᠤᠳ ᠨᠡᠪᠲᠡᠷᠡᠭᠦᠯᠭᠡ ᠶᠢ ᠦᠵᠡᠭᠰᠡᠨ ᠬᠥᠮᠦᠨ ᠤ ᠲᠤᠭ᠎ᠠ ᠨᠡᠶᠢᠲᠡ 2000 ᠭᠠᠷᠤᠶ ᠬᠥᠮᠦᠨ ᠤᠳᠠᠭ᠎ᠠ ᠳᠤ ᠬᠦᠷᠴᠦ᠂ 1.2 ᠲᠦᠮᠡᠨ ᠤᠳᠠᠭ᠎ᠠ ᠮᠠᠬᠳᠠᠭᠠᠯ ᠬᠠᠶᠢᠷᠠᠯᠠᠵᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠲᠣᠭᠠᠴᠢᠯᠠᠭᠰᠠᠨ᠂ ᠣᠶᠤᠨᠴᠢᠯᠠᠭᠰᠠᠨ ᠲᠠᠪᠴᠠᠩ ᠢ ᠭᠦᠶᠴᠡᠳ ᠠᠰᠢᠭᠯᠠᠨ᠂ ᠠᠷᠠᠳ ᠲᠤ ᠲᠥᠬᠦᠮ ᠦᠵᠡᠭᠦᠯᠬᠦ ᠠᠷᠠᠳ ᠲᠤ ᠠᠰᠢᠭᠲᠠᠶ ᠦᠶᠯᠡᠴᠢᠯᠡᠭᠡ ᠶᠢ ᠰᠦᠯᠵᠢᠶᠡᠨ ᠳᠡᠭᠡᠷ᠎ᠡ ︽ᠨᠡᠭᠦᠯᠭᠡᠵᠦ︾᠂ ᠰᠦᠯᠵᠢᠶᠡᠨ ᠲᠡᠭᠡᠷ᠎ᠡ ᠠᠵᠤ ᠠᠬᠤᠶ ᠶᠢᠨ ᠬᠦᠭᠵᠢᠯᠳᠡ ᠳᠤ ᠡᠨᠧᠷᠭᠢ ᠣᠯᠭᠤᠵᠤ᠂ ᠰᠠᠭᠤᠭᠠᠯᠢ ᠠᠷᠠᠳ ᠢ ᠬᠠᠪᠰᠤᠷᠤᠨ ︽ᠬᠡᠷ ᠤᠨ ᠡᠭᠦᠳᠡᠨ︾  ᠳᠡᠭᠡᠨ ᠠᠵᠢᠯ ᠣᠯᠬᠤ ᠶᠢ ᠪᠡᠶᠡᠯᠡᠭᠦᠯᠪᠡ᠃ ︵ᠬᠦᠨᠳᠡᠯᠡᠨ ᠦᠢᠯᠡᠳᠪᠦᠷᠢᠴᠢᠨ ᠤ ᠵᠠᠮ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号