ᠪᠦᠬᠦ ᠤᠯᠤᠰ ᠲᠤ ᠠᠩᠬ᠎ᠠ ᠤᠳᠠᠭ᠎ᠠ ᠨᠡᠭᠡᠭᠡᠨ ᠬᠦᠭᠵᠢᠬᠦᠯᠦᠭᠰᠡᠨ ᠬᠤᠪᠣᠷ ᠰᠢᠷᠣᠢ ᠶᠢᠨ ᠡᠯᠧᠮᠧᠨ᠋ᠲ ᠠᠭᠤᠯᠤᠭᠰᠠᠨ ᠭᠠᠩᠨᠠᠭᠤᠷ ᠤᠲᠠᠰᠤᠨ ᠪᠤᠯᠤᠳ ᠤᠨ ᠦᠢᠯᠡᠳᠬᠦᠨ ᠢ ᠦᠢᠯᠡᠳᠪᠦᠷᠢᠯᠡᠵᠤ ᠠᠮᠵᠢᠯᠲᠠ ᠤᠯᠪᠠ
ᠨᠡᠶᠢᠲᠡᠯᠡᠭᠰᠡᠨ ᠴᠠᠭ᠄
2024/11/6
     ᠣᠶᠢᠷ᠎ᠠ ᠳᠤ᠂ ᠪᠤᠭᠤᠲᠤ ᠶᠢᠨ ᠪᠣᠯᠣᠳ ᠲᠡᠮᠦᠷ ᠤᠨ ᠬᠤᠪᠢᠴᠠᠭᠠᠲᠦ ᠮᠡᠷᠭᠡᠵᠢᠯ ᠤᠨ ᠲᠥᠪ ᠤᠨ ᠣᠷᠳᠣ ᠬᠡᠯᠪᠡᠷᠢ ᠶᠢᠨ ᠮᠠᠲ᠋ᠧᠷᠢᠶᠠᠯ ᠰᠤᠳᠤᠯᠬᠤ ᠭᠠᠵᠠᠷ ᠠᠴᠠ ᠡᠯ᠎ᠡ ᠦᠶᠯᠡᠳᠪᠦᠷᠢᠯᠡᠯ ᠤᠨ ᠨᠢᠭᠡᠴᠢ ᠲᠠᠢ ᠬᠠᠮᠲᠤᠷᠠᠨ᠂ ᠬᠤᠪᠣᠷ ᠰᠢᠷᠣᠶ ᠶᠢᠨ ᠪᠣᠯᠣᠳ ᠲᠡᠮᠦᠷ ᠤᠨ ︽ᠦᠶᠯᠡᠳᠪᠦᠷᠢᠯᠡᠯ + ᠮᠡᠷᠭᠡᠵᠢᠯ ᠤᠨ ᠦᠶᠯᠡᠴᠢᠯᠡᠭᠡ︾ ᠶᠢᠨ ᠪᠥᠬᠦ ᠠᠵᠤ ᠦᠶᠯᠡᠰ ᠤᠨ ᠬᠡᠯᠬᠢᠶ᠎ᠡ ᠶᠢᠨ ᠦᠶᠯᠡᠳᠪᠦᠷᠢᠯᠡᠯ ᠪᠣᠷᠣᠯᠠᠭᠤᠯᠭ᠎ᠠ ᠰᠤᠳᠤᠯᠭᠠᠨ ᠤ ᠵᠠᠭᠪᠤᠷ ᠢ ᠪᠡᠶᠡᠯᠡᠭᠦᠯᠪᠡ᠃ ᠡᠨᠡ ᠬᠦ ᠰᠢᠨ᠎ᠡ ᠶᠢ ᠡᠭᠦᠳᠦᠭᠰᠡᠨ ᠦᠶᠯᠡᠳᠬᠦᠨ ᠨᠢ ᠮᠠᠨ ᠤ ᠤᠯᠤᠰ ᠤᠨ ᠭᠠᠩᠨᠠᠨ ᠵᠠᠯᠭᠠᠬᠤ ᠬᠦᠷᠢᠶ᠎ᠡ ᠴᠠᠷᠠᠭ᠎ᠠ ᠳᠤ ᠰᠢᠨ᠎ᠡ ᠬᠡᠯᠪᠡᠷᠢ ᠶᠢᠨ ᠮᠠᠲ᠋ᠧᠷᠢᠶᠠᠯ ᠬᠠᠩᠭᠠᠵᠤ᠂ ᠰᠢᠨ᠎ᠡ ᠬᠡᠯᠪᠡᠷᠢ ᠶᠢᠨ ᠬᠤᠪᠣᠷ ᠰᠢᠷᠣᠶ ᠶᠢᠨ ᠭᠠᠩᠨᠠᠭᠤᠷ ᠤᠲᠠᠰᠤᠨ ᠪᠣᠯᠣᠳ ᠰᠢᠪᠠᠩᠳᠠᠯ ᠪᠣᠯᠤᠨ ᠭᠠᠩᠨᠠᠭᠠᠰᠤ ᠶᠢᠨ ᠳᠤᠤᠷ᠎ᠠ ᠳᠤᠯᠠᠭᠠᠨ ᠤ ᠳᠠᠭᠠᠷᠢᠯᠲᠠ ᠶᠢᠨ ᠴᠢᠳᠠᠪᠬᠢ ᠶᠢ ᠪᠡᠶᠡᠯᠡᠭᠦᠯᠵᠦ᠂ ᠲᠠᠰᠤᠷᠠᠬᠤ ᠶᠢ ᠳᠠᠭᠠᠭᠠᠬᠤ ᠨᠣᠷᠮ᠎ᠠ ᠶᠢ ᠤᠯᠠᠮᠵᠢᠯᠠᠯᠲᠤ ᠭᠠᠩᠨᠠᠭᠤᠷ ᠤᠲᠠᠰᠤᠨ ᠪᠣᠯᠣᠳ ᠠᠴᠠ 20% ᠪᠠᠷ ᠳᠡᠭᠡᠭᠰᠢᠯᠡᠭᠦᠯᠵᠦ᠂ ᠬᠡᠷᠡᠭᠯᠡᠭᠴᠢᠳ ᠤᠨ ᠲᠦᠷᠭᠡᠨ ᠬᠤᠷᠳᠤᠴᠠᠲᠦ ᠰᠢᠪᠠᠩᠳᠠᠯ ᠤᠨ ᠦᠶᠯᠡᠳᠪᠦᠷᠢᠯᠡᠯ ᠤᠨ ᠬᠡᠷᠡᠭᠴᠡᠭᠡ ᠶᠢ ᠨᠠᠩ ᠶᠡᠭᠡ ᠬᠡᠮᠵᠢᠶ᠎ᠡ ᠪᠠᠷ ᠬᠠᠩᠭᠠᠬᠤ ᠪᠣᠯᠤᠨ᠎ᠠ᠃ ︵ᠲᠤᠰ ᠰᠡᠳᠬᠦᠯ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号