ᠬᠥᠨᠳᠡᠯᠡᠨ ᠲᠣᠭᠤᠷᠢᠭ ᠬᠡᠦᠬᠡᠳ ᠰᠠᠭᠠᠲᠠᠭᠤᠯᠬᠤ ᠦᠶᠯᠡᠴᠢᠯᠡᠭᠡᠨ ᠤ ᠰᠢᠰᠲ᠋ᠧᠮ ᠢ ᠪᠠᠶᠢᠭᠤᠯᠤᠨ ᠪᠦᠷᠢᠨᠰᠢᠬᠦᠯᠵᠤ᠂ ︽ᠬᠡᠷ ᠤᠨ ᠡᠭᠦᠳᠡᠨ ᠳᠠᠬᠢ ᠰᠤᠷᠬᠤ ᠨᠠᠰᠤᠨ ᠠᠴᠠ ᠡᠮᠦᠨᠡᠬᠢ ᠬᠥᠮᠦᠵᠢᠯ ᠤᠨ ᠠᠩᠭᠢ︾ ᠶᠢ ᠪᠠᠶᠢᠭᠤᠯᠪᠠ
ᠨᠡᠶᠢᠲᠡᠯᠡᠭᠰᠡᠨ ᠴᠠᠭ᠄
2024/11/8
    11 ᠰᠠᠷ᠎ᠠ ᠶᠢᠨ 6 ᠤ ᠡᠳᠦᠷ᠂ ᠪᠤᠭᠤᠲᠤ ᠶᠢᠨ ᠪᠣᠯᠣᠳ ᠲᠡᠮᠦᠷ ᠤᠨ ᠬᠡᠦᠬᠡᠳ ᠤᠨ ᠰᠤᠷᠭᠠᠨ ᠬᠥᠮᠦᠵᠢᠯ ᠤᠨ ᠭᠠᠵᠠᠷ ᠪᠣᠯᠤᠨ ᠪᠦᠦ ᠹᠧᠩ ᠰᠢᠨ ᠬᠤᠸᠠ ᠨᠡᠶᠢᠬᠡᠮ ᠲᠤᠭᠤᠷᠢᠭ ᠲᠠᠢ ᠬᠠᠮᠲᠤᠷᠠᠨ ᠡᠷᠭᠢᠯᠡᠭᠰᠡᠨ ᠬᠥᠨᠳᠡᠯᠡᠨ ᠲᠣᠭᠤᠷᠢᠭ ᠤᠨ ᠨᠡᠶᠢᠭᠡᠮ ᠲᠣᠭᠤᠷᠢᠭ ᠤᠨ 0 — 3 ᠨᠠᠰᠤᠨ ᠤ ᠨᠡᠶᠢᠭᠡᠮ ᠲᠣᠭᠤᠷᠢᠭ ᠤᠨ  ᠬᠤᠶᠠᠳᠠᠬᠢ ᠬᠡᠦᠬᠡᠳ ᠰᠠᠭᠠᠲᠠᠭᠤᠯᠬᠤ ᠲᠥᠪ ︽ᠢ ᠶᠠ ᠪᠦᠦᠪᠡᠢ ᠪᠤᠤ ᠹᠧᠩ ᠦᠷᠦᠬᠡ︾ ᠵᠢᠩᠬᠢᠨᠢ ᠪᠠᠷ ᠭᠡᠷ᠎ᠡ ᠲᠣᠭᠲᠠᠵᠤ᠂ ᠪᠤᠭᠤᠲᠤ ᠶᠢᠨ ᠪᠣᠯᠣᠳ ᠲᠡᠮᠦᠷ ᠤᠨ ᠬᠡᠦᠬᠡᠳ ᠤᠨ ᠰᠤᠷᠭᠠᠨ ᠬᠥᠮᠦᠵᠢᠯ ᠤᠨ ᠭᠠᠵᠠᠷ ᠤᠨ ᠪᠠᠶᠢᠩᠭᠤ ᠰᠠᠭᠤᠭ᠎ᠠ ᠪᠠᠭᠰᠢ ᠶᠢᠨ ᠪᠦᠯᠬᠦᠮ ᠨᠢ ᠨᠡᠶᠢᠭᠡᠮ ᠲᠣᠭᠤᠷᠢᠭ ᠤᠨ ᠨᠢᠯᠬ᠎ᠠ ᠬᠡᠦᠬᠡᠳ ᠲᠠᠢ ᠬᠡᠷ ᠪᠦᠯᠢ ᠳᠤ ᠰᠦᠶᠳᠬᠡᠯ ᠬᠤᠷᠢᠶᠠᠬᠤ ᠥᠬᠡᠶ ᠪᠠᠷ ᠬᠡᠦᠬᠡᠳ ᠪᠤᠶᠢᠵᠢᠭᠤᠯᠬᠤ ᠵᠢᠯᠣᠭᠤᠳᠣᠯᠭ᠎ᠠ ᠬᠠᠩᠭᠠᠵᠤ᠂ ᠡᠴᠢᠭᠡ ᠡᠬᠡ ᠦᠷ᠎ᠡ ᠬᠡᠦᠬᠡᠳ ᠤᠨ ᠠᠩᠬᠠᠨ ᠤ ᠬᠥᠮᠦᠵᠢᠯ᠂ ᠲᠦᠷ ᠴᠠᠭ ᠤᠨ ᠬᠡᠦᠬᠡᠳ ᠰᠠᠭᠠᠲᠠᠭᠤᠯᠬᠤ ᠵᠡᠷᠭᠡ ᠣᠯᠠᠨ ᠡᠰᠢᠲᠦ ᠬᠢᠴᠢᠶᠡᠯ ᠢ ᠨᠡᠭᠡᠭᠡᠵᠦ᠂ ᠨᠢᠯᠬ᠎ᠠ ᠬᠡᠦᠬᠡᠳ ᠤᠨ ᠬᠡᠷ ᠪᠦᠯᠢ ᠶᠢᠨ ᠬᠡᠦᠬᠡᠳ ᠰᠠᠭᠠᠲᠠᠭᠤᠯᠬᠤ ᠪᠠᠶᠢᠭᠤᠯᠤᠮᠵᠢ ᠬᠡᠷ ᠪᠦᠯᠢ ᠠᠴᠠ ᠨᠢ ᠣᠶᠢᠷ᠎ᠠ᠂ ᠠᠮᠤᠷ ᠲᠦᠪᠰᠢᠨ᠂ ᠨᠠᠶᠢᠳᠠᠪᠤᠷᠢᠲᠠᠶ ᠪᠠᠶᠢᠬᠤ ᠦᠨᠳᠦᠰᠦᠨ ᠱᠠᠭᠠᠷᠳᠠᠯᠭ᠎ᠠ ᠶᠢ ᠬᠠᠩᠭᠠᠵᠤ᠂      0 — 3 ᠨᠠᠰᠤᠨ ᠤ ᠨᠢᠯᠬ᠎ᠠ ᠬᠡᠦᠬᠡᠳ ᠤᠨ ︽ᠬᠡᠦᠬᠡᠳ ᠰᠠᠭᠠᠲᠠᠭᠤᠯᠬᠤ ᠭᠠᠵᠠᠷ ᠲᠠᠢ᠂ ᠰᠠᠶᠢᠨ ᠬᠡᠦᠬᠡᠳ ᠰᠠᠭᠠᠲᠠᠭᠤᠯᠬᠤ ᠭᠠᠵᠠᠷ ᠲᠤ ᠤᠴᠢᠵᠤ ᠲᠡᠶᠢᠯᠬᠦ︾ ᠰᠤᠷᠭᠠᠭᠤᠯᠢ ᠡᠷᠭᠢᠯᠡᠬᠦ ᠬᠠᠷᠠᠯᠲᠠ ᠶᠢ ᠪᠡᠶᠡᠯᠡᠬᠦᠯᠪᠡ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号