ᠴᠢᠩ ᠤᠯᠤᠰ ᠤᠨ ᠨᠠᠶᠢᠷᠠᠯᠲᠤ ᠲᠥᠪ ᠤᠨ ᠠᠷᠪᠠᠨ ᠬᠤᠶᠠᠳᠤᠭᠠᠷ ᠣᠨ ︵ᠨᠠᠶᠢᠳᠠ ᠶᠢᠨ ᠤᠨ | ᠲᠤᠭᠠᠯᠠᠯ ᠤᠨ1734 ᠣᠨ︶ | ᠴᠢᠩ ᠤᠯᠤᠰ ᠤᠨ ᠬᠠᠭᠠᠨᠲᠤ ᠲᠦᠷᠦ ᠠᠴᠠ ᠬᠦᠢ ᠬᠤᠸᠠ ᠬᠤᠳᠠ ᠶᠢᠨ ᠪᠠᠷᠠᠭᠤᠨᠳᠠᠬᠢ ᠰᠠᠭᠠᠯᠢᠴᠢᠨ ︵ | ᠤᠳᠤ ᠶᠢᠨ ᠲᠦᠮᠡᠳ ᠪᠠᠷᠠᠭᠤᠨ ᠬᠤᠰᠢᠭᠤᠨ ᠤ ᠰᠠᠭᠠᠯᠢᠴᠢᠨ ᠪᠠᠯᠭᠠᠰᠤ︶ ᠳᠤ ᠲᠤᠰᠠᠯᠠᠭᠴᠢ ᠪᠢᠴᠢᠭᠡᠴᠢ | ᠲᠤᠬᠢᠷᠠᠭᠤᠯᠵᠤ᠂ ᠰᠠᠭᠤᠭ᠎ᠠ ᠭᠠᠵᠠᠷ ᠤᠨ ᠮᠣᠩᠭᠤᠯ ᠬᠢᠲᠠᠳ ᠤᠨ ᠬᠤᠭᠤᠷᠤᠨᠳᠤᠬᠢ ᠬᠡᠷᠡᠭ ᠶᠠᠪᠤᠳᠠᠯ ᠢ | ᠰᠢᠢᠳᠪᠦᠷᠢᠯᠡᠵᠤ ᠪᠠᠶᠢᠵᠠᠢ᠃ ᠣᠳᠣ ᠶᠢᠨ ᠪᠤᠭᠤᠲᠤ ᠬᠤᠲᠠ ᠶᠢᠨ ᠬᠥᠨᠳᠡᠯᠡᠨ ᠲᠣᠭᠤᠷᠢᠭ ᠤᠨ ᠬᠠᠷᠢᠶ᠎ᠠ ᠭᠠᠵᠠᠷ | ᠣᠷᠣᠨ ᠪᠣᠯ ᠡᠬᠦᠨ ᠳᠤ ᠬᠠᠷᠢᠶᠠᠯᠠᠬᠳᠠᠵᠤ ᠪᠠᠶᠢᠵᠠᠢ᠃ | ᠴᠢᠩ ᠤᠯᠤᠰ ᠤᠨ ᠰᠠᠶᠢᠰᠢᠶᠠᠯ ᠢᠷᠥᠭᠡᠯᠲᠦ ᠶᠢᠨ ᠠᠷᠪᠠᠨ ᠳᠥᠷᠪᠡᠳᠦᠭᠡᠷ ᠣᠨ ︵ᠨᠠᠶᠢᠳᠠ ᠶᠢᠨ ᠤᠨ | ᠲᠤᠭᠠᠯᠠᠯ ᠤᠨ 1809 ᠣᠨ︶ | ᠴᠢᠩ ᠤᠯᠤᠰ ᠤᠨ ᠬᠠᠭᠠᠨᠲᠦ ᠲᠦᠷᠦ ᠱᠠᠩᠳᠠ ᠶᠢᠨ ᠴᠠᠭᠳᠠᠨ ᠪᠠᠶᠢᠴᠠᠭᠠᠭᠴᠢ ᠲᠦᠰᠢᠮᠡᠯ ᠢ ᠬᠠᠰᠤᠵᠤ | ᠪᠤᠭᠤᠲᠤ ᠳᠤ ᠰᠢᠯᠵᠢᠭᠦᠯᠦᠨ ᠪᠠᠶᠢᠭᠤᠯᠪᠠ᠃ ᠪᠤᠭᠤᠲᠤ ᠲᠣᠰᠬᠤᠨ ᠢ ᠪᠤᠭᠤᠲᠤ ᠪᠠᠯᠭᠠᠰᠤ ᠪᠣᠯᠭᠠᠨ ᠥᠭᠡᠷᠡᠴᠢᠯᠡᠵᠦ᠂ | ᠨᠢᠭᠡ ᠪᠠᠽᠦ᠋ᠩ ᠨᠤᠶᠠᠨ ᠢ ᠲᠣᠮᠢᠯᠠᠨ ᠪᠤᠭᠤᠲᠤ ᠶᠢ ᠰᠠᠬᠢᠭᠤᠯᠪᠠ᠃ ᠣᠳᠣ ᠶᠢᠨ ᠪᠤᠭᠤᠲᠤ ᠬᠤᠲᠠ ᠶᠢᠨ ᠬᠥᠨᠳᠡᠯᠡᠨ | ᠲᠣᠭᠤᠷᠢᠭ ᠤᠨ ᠬᠠᠷᠢᠶ᠎ᠠ ᠭᠠᠵᠠᠷ ᠣᠷᠣᠨ ᠨᠢ ᠪᠤᠭᠤᠲᠤ ᠪᠠᠯᠭᠠᠰᠤᠨ ᠳᠤ ᠬᠠᠷᠢᠶᠠᠯᠠᠭᠳᠠᠪᠠ᠃ | ᠴᠢᠩ ᠤᠯᠤᠰ ᠤᠨ ᠪᠦᠷᠢᠨ ᠵᠠᠰᠠᠭᠴᠢ ᠶᠢᠨ ᠳᠣᠯᠣᠳᠤᠭᠠᠷ ᠣᠨ ︵ᠨᠠᠶᠢᠳᠠ ᠶᠢᠨ ᠤᠨ ᠲᠤᠭᠠᠯᠠᠯ ᠤᠨ 1868 | ᠣᠨ︶ | ᠲᠠᠪᠤᠳᠤᠭᠠᠷ ᠰᠠᠷ᠎ᠠ ᠳᠤᠨᠢ ᠱᠠᠨᠰᠢ ᠭᠠᠨᠰᠦ ᠶᠢᠨ ᠬᠤᠲᠣᠩ ᠴᠡᠷᠢᠭ ᠪᠤᠭᠤᠲᠤ ᠪᠠᠯᠭᠠᠰᠤᠨ ᠤ ᠪᠠᠷᠠᠭᠤᠨ ᠡᠮᠦᠨ᠎ᠡ | ᠵᠣᠣ ᠵᠢᠶᠦ᠋ᠨ ᠤ ᠣᠩᠭᠤᠨ ᠳᠤ ᠬᠦᠷᠬᠦ ᠦᠶ᠎ᠡ ᠳᠤ᠂ ᠴᠢᠩ ᠤᠯᠤᠰ ᠤᠨ ᠴᠡᠷᠢᠭ ᠤᠨ ᠳ᠋ᠠᠲ᠋ᠦ᠋ᠩ ᠤᠨ ᠪᠦᠭᠦᠳᠡ ᠶᠢ | ᠵᠠᠬᠢᠷᠤᠭᠴᠢ ᠮᠠ ᠱᠧᠩ ᠴᠡᠷᠢᠭ ᠵᠠᠬᠢᠷᠤᠨ ᠪᠤᠭᠤᠲᠤ ᠶᠢᠨ ᠬᠥᠨᠳᠡᠯᠡᠨ ᠭᠤᠣᠯ ᠣᠷᠴᠢᠮ ᠰᠡᠷᠭᠡᠶᠢᠯᠡᠨ ᠬᠠᠮᠠᠭᠠᠯᠠᠵᠠᠶ᠃ | ᠴᠢᠩ ᠤᠯᠤᠰ ᠤᠨ ᠪᠠᠳᠠᠷᠠᠭᠤᠯᠲᠤ ᠲᠦᠷᠦ ᠶᠢᠨ ᠠᠷᠪᠠᠳᠤᠭᠠᠷ ᠣᠨ ︵ᠨᠠᠶᠢᠳᠠ ᠶᠢᠨ ᠤᠨ | ᠲᠤᠭᠠᠯᠠᠯ ᠤᠨ1884 ᠣᠨ︶ | ᠪᠤᠭᠤᠲᠤ ᠪᠠᠯᠭᠠᠰᠤᠨ ᠤ ᠬᠢᠲᠠᠳ ᠦᠨᠳᠦᠰᠦᠳᠡᠨ ᠠᠷᠠᠳ ᠢᠷᠭᠡᠳ ᠢ ᠲᠤᠬᠠᠶ ᠶᠢᠨ ᠭᠠᠵᠠᠷ ᠤᠨ ᠡᠷᠦᠬᠡ | ᠠᠮᠠ ᠶᠢᠨ ᠲᠠᠩᠰᠠ ᠳᠤ ᠣᠷᠣᠭᠤᠯᠵᠤ᠂ ᠪᠤᠭᠤᠲᠤ ᠪᠠᠯᠭᠠᠰᠤᠨ ᠤ ᠬᠢᠲᠠᠳ ᠦᠨᠳᠦᠰᠦᠳᠡᠨ ᠠᠷᠠᠳ ᠢᠷᠭᠡᠳ ᠤᠨ | ᠣᠯᠠᠨ ᠵᠢᠯ ᠤᠨ ᠲᠤᠷᠰᠢ ᠬᠦᠮᠦᠨ ᠪᠠ ᠡᠷᠦᠬᠡ ᠠᠮᠠ ᠶᠢᠨ ᠲᠠᠩᠰᠠ ᠨᠢ ᠰᠠᠯᠵᠤ ᠪᠠᠶᠢᠭᠰᠠᠨ ᠪᠠᠶᠢᠳᠠᠯ ᠢ | ᠡᠴᠦᠰᠯᠡᠭᠦᠯᠵᠡᠶ᠃ |