11 ᠰᠠᠷ᠎ᠠ ᠶᠢᠨ 27 ᠤ ᠡᠳᠦᠷ᠂ ᠪᠠᠶᠠᠨ ᠤᠪᠤᠭ᠎ᠠ ᠵᠠᠮ ᠵᠡᠭᠡᠯᠢ ᠭᠤᠳᠤᠮᠵᠢ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠢᠶ᠎ᠠ ᠬᠥᠨᠳᠡᠯᠡᠨ ᠲᠣᠭᠤᠷᠢᠭ ᠤᠨ ᠰᠢᠭᠦᠬᠦ ᠬᠤᠷᠢᠶ᠎ᠠ᠂ | ᠬᠥᠨᠳᠡᠯᠡᠨ ᠲᠣᠭᠤᠷᠢᠭ ᠤᠨ ᠪᠠᠶᠢᠴᠠᠭᠠᠬᠤ ᠬᠤᠷᠢᠶ᠎ᠠ᠂ ᠪᠠᠶᠠᠨ ᠤᠪᠤᠭ᠎ᠠ ᠵᠠᠮ ᠵᠡᠭᠡᠯᠢ ᠭᠤᠳᠤᠮᠵᠢ ᠶᠢᠨ ᠬᠠᠤᠯᠢ | ᠴᠠᠭᠠᠵᠠ ᠶᠢᠨ ᠭᠠᠵᠠᠷ᠂ ᠲᠢᠶᠠᠨ ᠽᠧ ᠠᠯᠪᠠᠨ ᠭᠡᠷᠡᠴᠢᠯᠡᠭᠡ ᠶᠢᠨ ᠭᠠᠵᠠᠷ ᠵᠢᠴᠢ ᠳ᠋ᠢ ᠰᠢᠨ ᠬᠠᠤᠯᠢᠴᠢ ᠶᠢᠨ ᠬᠡᠷᠡᠭ | ᠡᠷᠬᠢᠯᠡᠬᠦ ᠭᠠᠵᠠᠷ ᠵᠡᠷᠭᠡ 5 ᠬᠠᠮᠲᠤ ᠪᠠᠷ ᠪᠠᠶᠢᠭᠤᠯᠬᠤ ᠨᠢᠭᠡᠴᠢ ᠲᠠᠢ ᠬᠠᠮᠲᠤᠷᠠᠨ ︽ᠵᠠᠰᠠᠯᠲᠠ ᠨᠢ ᠰᠠᠶᠢᠨ ᠰᠠᠶᠢᠬᠠᠨ | ᠰᠢᠨ᠎ᠠ ᠡᠬᠢᠯᠡᠯᠲᠡ ᠶᠢᠨ ᠲᠦᠯᠦᠬᠡ︾ ᠶᠠᠷᠢᠯᠴᠠᠬᠤ ᠬᠤᠷᠠᠯ ᠢ ᠡᠷᠭᠢᠯᠡᠪᠡ᠃ ᠬᠤᠷᠠᠯ ᠳᠡᠭᠡᠷ᠎ᠡ᠂ ᠪᠠᠶᠠᠨ ᠤᠪᠤᠭ᠎ᠠ ᠵᠠᠮ | ᠵᠡᠭᠡᠯᠢ ᠭᠤᠳᠤᠮᠵᠢ ᠶᠢᠨ ᠬᠠᠤᠯᠢ ᠴᠠᠭᠠᠵᠠ ᠶᠢᠨ ᠭᠠᠵᠠᠷ ︽ᠬᠠᠤᠯᠢ ᠴᠠᠭᠠᠵᠠ ᠶᠢᠨ ᠴᠢᠳᠡᠪᠦᠷᠢᠳᠠᠨ︾ ᠳᠤ ᠦᠨᠡᠮᠯᠡᠯ | ᠣᠯᠭᠤᠬᠤ ᠶᠣᠰᠣᠯᠠᠯ ᠶᠠᠪᠤᠭᠤᠯᠬᠤ ᠶᠢᠨ ᠬᠠᠮᠲᠤ ᠵᠡᠭᠡᠯᠢ ᠭᠤᠳᠤᠮᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠠᠵᠢᠯ ᠤᠨ ᠬᠤᠷᠢᠶ᠎ᠠ ᠪᠣᠯᠤᠨ ᠬᠠᠮᠲᠤ ᠪᠠᠷ ᠪᠠᠶᠢᠭᠤᠯᠬᠤ ᠨᠢᠭᠡᠴᠢ ᠭᠠᠷ ᠬᠤᠯᠪᠣᠯᠴᠠᠨ ︽ᠠᠷᠠᠳ ᠤᠨ | ᠲᠥᠯᠥᠭᠡᠯᠡᠭᠴᠢ ᠶᠢᠨ ᠬᠡᠷ +︾ ᠬᠠᠤᠯᠢᠵᠢᠯ ᠤᠨ ᠰᠠᠶᠢᠨ ᠳᠤᠷ᠎ᠠ ᠶᠢᠨ ᠦᠶᠯᠡᠴᠢᠯᠡᠭᠡᠨ ᠤ ᠠᠩᠭᠢ ᠶᠢ ᠪᠠᠶᠢᠭᠤᠯᠪᠠ᠃ | ᠲᠣᠰ ᠤᠳᠠᠭᠠᠨ ᠤ ᠶᠠᠷᠢᠯᠴᠠᠬᠤ ᠬᠤᠷᠠᠯ ᠨᠢ ᠣᠯᠠᠨ ᠲᠠᠯ᠎ᠠ ᠶᠢᠨ ᠵᠠᠰᠠᠯᠲᠠ ᠶᠢᠨ ᠦᠶᠯᠡᠴᠢᠯᠡᠭᠡᠨ ᠤ ᠡᠬᠢ ᠪᠠᠶᠠᠯᠢᠭ ᠤ | ᠬᠤᠯᠪᠣᠭᠠᠯᠠᠨ ᠬᠥᠳᠡᠯᠦᠯᠴᠡᠬᠦ ᠶᠢ ᠲᠠᠶᠢᠴᠢᠯᠠᠨ᠂ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠵᠠᠭᠪᠤᠷ᠂ ᠰᠢᠨ᠎ᠡ | ᠠᠷᠭ᠎ᠠ ᠵᠠᠮ ᠢ ᠬᠠᠮᠲᠤ ᠪᠠᠷ ᠰᠦᠪᠡᠭᠴᠢᠯᠡᠵᠦ᠂ ᠬᠠᠦᠯᠢᠵᠢᠯ ᠢᠶᠠᠷ ᠡᠶ᠎ᠡ ᠵᠤᠬᠢᠴᠠᠩᠭᠤᠢ ᠦᠵᠡᠰᠬᠦᠯᠡᠩᠲᠦ ᠰᠠᠶᠢᠬᠠᠨ | ᠨᠡᠶᠢᠬᠡᠮ ᠲᠤᠭᠤᠷᠢᠭ ᠢ ᠪᠠᠶᠢᠭᠤᠯᠪᠠ᠃ ︵ᠲᠤᠰ ᠰᠡᠳᠬᠦᠯ︶ |