11 ᠰᠠᠷ᠎ᠠ ᠶᠢᠨ 26 ᠤ ᠡᠳᠦᠷ᠂ ᠪᠤᠭᠤᠲᠤ ᠬᠤᠲᠠ ᠳᠤ 2024 ᠣᠨ ᠤ ᠡᠪᠦᠯ ᠤᠨ ᠤᠯᠠᠷᠢᠯ ᠤᠨ | ᠠᠩᠬᠠᠨ ᠤ ᠴᠠᠰᠤ ᠤᠷᠤᠪᠠ᠂ ᠬᠥᠨᠳᠡᠯᠡᠨ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠰᠠᠯᠠᠭ᠎ᠠ | ᠮᠥᠴᠢᠷ ᠮᠠᠰᠢᠨ ᠮᠧᠬᠠᠨᠢᠭ + ᠬᠥᠮᠦᠨ ᠤ ᠬᠦᠴᠦ ᠪᠠᠷ ᠠᠵᠢᠯᠯᠠᠬᠤ ᠠᠷᠭ᠎ᠠ ᠪᠠᠷ ᠳᠡᠮᠵᠢᠨ᠂ ᠲᠡᠷᠡ ᠰᠥᠨᠢ ᠳᠡᠭᠡᠨ | 2000 ᠭᠠᠷᠤᠶ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠢ ᠴᠤᠭᠯᠠᠭᠤᠯᠤᠨ᠂ ᠲᠣᠮᠣ ᠬᠡᠯᠪᠡᠷᠢ ᠶᠢᠨ | ᠮᠠᠰᠢᠨ ᠲᠡᠷᠭᠡᠨ ᠤ ᠭᠤᠤᠯ ᠵᠠᠮ ᠱᠤᠭᠤᠮ᠂ ᠶᠠᠪᠠᠭᠠᠨ ᠬᠥᠮᠦᠨ ᠤ ᠵᠠᠮ᠂ ᠰᠤᠷᠭᠠᠭᠤᠯᠢ ᠵᠡᠷᠭᠡ ᠭᠤᠤᠯᠳᠠᠯᠭ᠎ᠠ ᠲᠠᠢ | ᠣᠷᠣᠨ ᠪᠦᠰᠡ ᠳᠤ᠂ ᠦᠩᠬᠦᠷᠢᠬᠦᠯ ᠱᠤᠸᠠᠰᠠ᠂ ᠤᠳᠬᠤᠭᠤᠷ ᠲᠡᠷᠭᠡ ᠵᠡᠷᠭᠡ ᠡᠯ᠎ᠡ ᠲᠥᠷᠥᠯ ᠤᠨ ᠴᠠᠰᠤ ᠠᠷᠢᠯᠭᠠᠬᠤ | ᠮᠠᠰᠢᠨ ᠲᠡᠷᠭᠡ ᠲᠤᠨᠤᠬᠯᠠᠯ ᠢ ᠬᠦᠳᠡᠯᠭᠡᠵᠦ᠂ ᠣᠷᠣᠨ ᠪᠦᠰᠡ᠂ ᠵᠠᠮ ᠱᠤᠭᠤᠮ᠂ ᠴᠡᠭ ᠤᠷᠤᠨ ᠪᠠᠶᠢᠷᠢ ᠬᠤᠪᠢᠶᠠᠨ | ᠨᠠᠷᠢᠯᠢᠭᠵᠢᠭᠤᠯᠤᠨ ᠴᠡᠪᠡᠷᠯᠡᠬᠦ ᠶᠢᠨ ᠬᠠᠮᠲᠤ᠂ ᠮᠠᠰᠢᠨ ᠲᠡᠷᠭᠡ ᠨᠡᠯᠢᠶᠡᠳ ᠲᠥᠪᠯᠡᠷᠡᠭᠰᠡᠨ ᠣᠷᠣᠨ ᠪᠦᠰᠡ ᠳᠤ ᠴᠠᠭ | ᠲᠤᠬᠠᠶ ᠳᠤᠨᠢ ᠴᠠᠰᠤ ᠬᠠᠶᠢᠯᠠᠭᠤᠯᠬᠤ ᠡᠳ᠋ ᠰᠠᠴᠤᠵᠤ ᠵᠠᠮ ᠢ ᠴᠡᠪᠡᠷᠯᠡᠨ᠂ ᠬᠤᠲᠠ ᠶᠢᠨ ᠠᠷᠠᠳ ᠤᠨ ᠠᠮᠤᠷ | ᠲᠦᠪᠰᠢᠨ ᠢᠶᠠᠷ ᠶᠠᠪᠤᠵᠤ ᠰᠠᠭᠤᠬᠤ ᠶᠢ ᠪᠥᠬᠦ ᠬᠦᠴᠦᠨ ᠢᠶᠠᠷ ᠢᠶᠠᠨ ᠪᠠᠲᠤᠯᠠᠪᠠ᠃ ᠲᠣᠰ ᠤᠳᠠᠭᠠᠨ ᠤ | ᠠᠵᠢᠯᠯᠠᠭ᠎ᠠ ᠳᠤ᠂ ᠣᠷᠴᠢᠨ ᠲᠣᠭᠤᠷᠢᠨ ᠤ ᠠᠷᠢᠭᠤᠨ ᠴᠡᠪᠡᠷ ᠢ ᠬᠠᠮᠠᠭᠠᠯᠠᠬᠤ ᠲᠥᠪ ᠠᠴᠠ ᠡᠯ᠎ᠡ ᠲᠥᠷᠥᠯ ᠤᠨ ᠴᠠᠰᠤ | ᠠᠷᠢᠯᠭᠠᠬᠤ ᠲᠡᠷᠭᠡ ᠨᠡᠶᠢᠲᠡ 13᠂ ᠰᠠᠴᠤᠬᠤ ᠲᠡᠷᠭᠡ 4᠂ ᠭᠠᠷ ᠲᠦᠰᠢᠯᠭᠡᠲᠦ ᠴᠠᠰᠤ ᠠᠷᠢᠯᠭᠠᠬᠤ ᠮᠠᠰᠢᠨ 35 | ᠬᠦᠳᠡᠯᠭᠡᠵᠦ᠂ 150 ᠭᠠᠷᠤᠶ ᠲᠣᠨ ᠴᠠᠰᠤ ᠬᠠᠶᠢᠯᠠᠭᠤᠯᠬᠤ ᠡᠳ᠋ ᠰᠠᠴᠤᠪᠠ᠃ ︵ᠬᠠᠤᠯᠢ ᠬᠡᠷᠡᠭᠵᠢᠭᠦᠯᠬᠦ ᠲᠣᠪᠴᠢᠶ᠎ᠠ︶ | | |