ᠲᠣᠭᠲᠠᠭᠠᠭᠰᠠᠨ ᠠᠬᠤᠶ ᠪᠠᠶᠢᠳᠠᠯ | ᠬᠤᠲᠠ ᠶᠢᠨ ᠲᠡᠷᠭᠡ ᠵᠣᠭᠰᠣᠬᠤ ᠲᠤᠨᠤᠭ ᠲᠥᠬᠦᠭᠡᠷᠦᠮᠵᠢ ᠪᠣᠯ ᠠᠷᠠᠳ ᠲᠦᠮᠡᠨ ᠤ ᠰᠠᠶᠢᠨ ᠰᠠᠶᠢᠬᠠᠨ | ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠴᠢᠬᠤᠯᠠ ᠪᠠᠲᠤᠯᠠᠭ᠎ᠠ ᠮᠥᠨ᠂ ᠪᠠᠰᠠ ᠴᠤ ᠣᠲᠣ ᠦᠶ᠎ᠡ ᠶᠢᠨ | ᠬᠤᠲᠠ ᠶᠢᠨ ᠬᠥᠭᠵᠢᠯᠲᠡ ᠶᠢᠨ ᠴᠢᠬᠤᠯᠠ ᠲᠤᠯᠭᠠᠭᠤᠷᠢᠯᠠᠯ ᠮᠥᠨ᠃ ᠣᠶᠢᠷ᠎ᠠ ᠶᠢᠨ ᠵᠢᠯ ᠤᠨ ᠲᠤᠷᠰᠢ᠂ ᠪᠦᠬᠦ | ᠲᠤᠭᠤᠷᠢᠭ ᠤᠨ ᠬᠤᠲᠠ ᠶᠢᠨ ᠲᠡᠷᠭᠡ ᠵᠣᠭᠰᠣᠭᠠᠬᠤ ᠲᠤᠨᠤᠭ ᠲᠦᠬᠦᠭᠡᠷᠦᠮᠵᠢ ᠶᠢᠨ ᠬᠡᠪᠴᠢᠶ᠎ᠡ ᠦᠷᠭᠦᠯᠵᠢᠯᠡᠨ | ᠥᠷᠭᠡᠳᠴᠦ᠂ ᠲᠡᠷᠭᠡ ᠵᠣᠭᠰᠣᠭᠠᠬᠤ ᠡᠮᠬᠢ ᠳᠢᠭᠯᠢᠮ ᠲᠠᠰᠤᠷᠠᠯᠲᠠ ᠦᠬᠡᠢ ᠰᠠᠶᠢᠵᠢᠷᠠᠵᠤ᠂ ᠠᠵᠤ ᠦᠶᠯᠡᠰᠴᠢᠯᠡᠨ | ᠬᠥᠭᠵᠢᠬᠦ ᠨᠢ ᠠᠯᠬᠤᠮ ᠠᠯᠬᠤᠮ ᠢᠶᠠᠷ ᠭᠦᠨᠵᠡᠭᠡᠶᠢᠷᠡᠵᠦ ᠪᠠᠶᠢᠭ᠎ᠠ ᠪᠣᠯᠪᠠᠴᠤ ᠬᠠᠩᠭᠠᠯᠭ᠎ᠠ ᠶᠢᠨ ᠴᠢᠳᠠᠪᠤᠷᠢ | ᠳᠤᠲᠠᠭᠳᠠᠵᠤ᠂ ᠵᠠᠰᠠᠯᠲᠠ ᠶᠢᠨ ᠲᠦᠪᠰᠢᠨ ᠥᠨᠳᠥᠷ ᠪᠤᠰᠤ᠂ ᠵᠠᠬ᠎ᠠ ᠳᠡᠯᠭᠡᠭᠦᠷᠴᠢᠯᠡᠬᠦ ᠠᠬᠢᠴᠠ ᠬᠤᠴᠣᠷᠴᠤ ᠪᠠᠶᠢᠭ᠎ᠠ | ᠵᠡᠷᠭᠡ ᠠᠰᠠᠭᠤᠳᠠᠯ ᠮᠥᠨ ᠬᠦ ᠣᠷᠣᠰᠢᠭᠰᠠᠭᠠᠷ ᠪᠠᠶᠢᠨ᠎ᠠ᠃ ᠬᠤᠲᠠ ᠶᠢᠨ ᠣᠯᠠᠨ ᠨᠡᠶᠢᠲᠡ ᠶᠢᠨ ᠲᠡᠷᠭᠡᠨ | ᠵᠣᠭᠰᠣᠭᠠᠯ ᠤᠨ ᠪᠥᠲᠥᠭᠡᠨ ᠪᠠᠶᠢᠭᠤᠯᠤᠯᠲᠠ ᠬᠠᠮᠢᠶᠠᠷᠤᠯᠲᠠ ᠶᠢ ᠴᠢᠩᠭᠠᠳᠬᠠᠵᠤ᠂ ᠲᠡᠷᠭᠡᠨ ᠵᠣᠭᠰᠣᠭᠠᠯ ᠤᠨ ᠡᠬᠢ | ᠪᠠᠶᠠᠯᠢᠭ ᠤᠨ ᠬᠠᠩᠭᠠᠯᠭ᠎ᠠ ᠶᠢᠨ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠦᠨ᠂ ᠣᠯᠠᠨ ᠲᠦᠮᠡᠨ ᠤ ᠲᠡᠷᠭᠡ | ᠵᠣᠭᠰᠣᠭᠠᠬᠤ ᠳᠤ ᠬᠦᠴᠢᠷᠲᠡᠶ ᠪᠠᠶᠢᠬᠤ ᠠᠰᠠᠭᠤᠳᠠᠯ ᠢ ᠦᠨᠡᠨ ᠬᠦ ᠰᠢᠶᠳᠪᠦᠷᠢᠯᠡᠬᠦ ᠶᠢᠨ ᠲᠦᠯᠦᠬᠡ᠂ ᠬᠥᠨᠳᠡᠯᠡᠨ | ᠲᠣᠭᠤᠷᠢᠭ ᠤᠨ ᠪᠣᠳᠠᠲᠠᠶ ᠲᠠᠢ ᠤᠶᠠᠯᠳᠤᠭᠤᠯᠤᠨ᠂ ᠲᠣᠰ ᠠᠷᠭ᠎ᠠ ᠶᠢ ᠲᠣᠭᠲᠠᠭᠠᠪᠠ᠃ | ᠲᠣᠭᠲᠠᠭᠠᠭᠰᠠᠨ ᠦᠨᠳᠦᠰᠦᠯᠡᠯ | 1. ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠲᠡᠷᠭᠡᠨ ᠵᠣᠭᠰᠣᠭᠠᠯ ᠤᠨ | ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠲᠠᠷᠬᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠵᠡᠷᠭᠡ 6 | ᠰᠠᠯᠠᠭ᠎ᠠ ᠮᠥᠴᠢᠷ ᠤᠨ ᠮᠡᠳᠡᠭᠳᠡᠯ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ | ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ﹇2021﹈ 257 ᠳ᠋ᠤᠭᠠᠷ ᠲᠣᠭᠠᠲᠤ︶᠂ | 2022 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | 2. ᠭᠤᠣᠯ ᠠᠭᠤᠯᠭ᠎ᠠ | ᠨᠢᠭᠡ᠂ ᠬᠥᠨᠳᠡᠯᠡᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ | ᠲᠣᠪᠴᠢᠶ᠎ᠠ ᠪᠣᠯ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠲᠡᠷᠭᠡᠨ ᠵᠣᠭᠰᠣᠭᠠᠯ ᠤᠨ ᠭᠤᠤᠯᠯᠠᠨ | ᠬᠠᠮᠢᠶᠠᠷᠬᠤ ᠰᠠᠯᠠᠭ᠎ᠠ ᠮᠥᠴᠢᠷ ᠪᠣᠯᠤᠨ᠎ᠠ᠂ ᠲᠡᠷᠭᠡᠨ ᠵᠣᠭᠰᠣᠭᠠᠯ ᠤᠨ ᠬᠠᠮᠢᠶᠠᠷᠤᠯᠲᠠ ᠶᠢᠨ ᠲᠤᠰᠬᠠᠶ ᠠᠯᠪᠠᠨ ᠭᠡᠷ | ᠪᠠᠶᠢᠭᠤᠯᠵᠤ᠂ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠵᠠᠮ ᠤᠨ ᠭᠠᠳᠠᠨᠠᠬᠢ ︵ᠵᠠᠮ ᠤᠨ ᠬᠥᠪᠡᠭᠡ | ᠲᠠᠭᠠᠤ ᠪᠤᠰᠬᠠᠬᠰᠠᠨ ᠴᠢᠯᠠᠭᠤ ᠠᠴᠠ ᠳᠡᠭᠡᠭᠰᠢ ᠬᠠᠤᠯᠢ ᠶᠣᠰᠣᠨ ᠤ ᠪᠠᠷᠢᠯᠭ᠎ᠠ ᠬᠦᠷᠳᠡᠯᠡᠬᠢ ᠬᠡᠰᠡᠭ︶ | ᠡᠵᠡᠩᠨᠡᠯᠲᠡ ᠶᠢᠨ ᠴᠢᠨᠠᠷᠲᠠᠶ ᠰᠦᠶᠳᠬᠡᠯ ᠬᠤᠷᠢᠶᠠᠬᠤ ᠮᠠᠰᠢᠨ ᠬᠦᠳᠡᠯᠬᠡᠬᠦᠷᠲᠦ ᠲᠡᠷᠭᠡᠨ ᠤ ᠲᠡᠷᠭᠡᠨ ᠵᠣᠭᠰᠣᠭᠠᠯ ᠢ | ᠳᠠᠩᠰᠠᠯᠠᠭᠤᠯᠬᠤ ᠪᠠ ᠲᠡᠷᠬᠡ ᠵᠤᠬᠰᠤᠬᠤ ᠡᠮᠬᠢ ᠳᠢᠭᠯᠢᠮ ᠤᠨ ᠬᠠᠮᠢᠶᠠᠷᠤᠯᠲᠠ ᠶᠢᠨ ᠠᠵᠢᠯ ᠢ ᠪᠣᠳᠠᠲᠠᠶ ᠬᠠᠷᠢᠭᠤᠴᠠᠨ᠎ᠠ᠃ | | ᠬᠤᠶᠠᠷ᠂ ᠬᠥᠨᠳᠡᠯᠡᠨ ᠲᠣᠭᠤᠷᠢᠭ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ᠂ ᠾᠧ ᠰᠢ | ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠪᠣᠯ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ | ᠵᠠᠮ ᠲᠡᠭᠡᠷᠡᠬᠢ ︵ᠵᠠᠮ ᠤᠨ ᠬᠥᠪᠡᠭᠡ ᠲᠠᠭᠠᠤ ᠪᠤᠰᠬᠠᠬᠰᠠᠨ ᠴᠢᠯᠠᠭᠤ ᠠᠴᠠ ᠳᠣᠷᠣᠭᠰᠢ︶ ᠮᠠᠰᠢᠨ ᠬᠦᠳᠡᠯᠬᠡᠬᠦᠷᠲᠦ | ᠲᠡᠷᠭᠡᠨ ᠤ ᠲᠡᠷᠭᠡ ᠵᠣᠭᠰᠣᠭᠠᠬᠤ ᠭᠠᠵᠠᠷ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠬᠤ ᠪᠥᠭᠡᠳ ᠵᠠᠮ | ᠲᠡᠬᠡᠷᠡᠬᠢ ᠮᠠᠰᠢᠨ ᠬᠦᠳᠡᠯᠬᠡᠬᠦᠷᠲᠦ ᠲᠡᠷᠭᠡᠨ ᠤ ᠲᠡᠷᠭᠡ ᠵᠣᠭᠰᠣᠭᠠᠬᠤ ᠭᠠᠵᠠᠷ ᠤᠨ | ᠲᠥᠯᠥᠪᠵᠢᠭᠦᠯᠭᠡ ᠪᠠᠶᠢᠷᠢᠯᠠᠭᠤᠯᠤᠯᠲᠠ ᠬᠢᠭᠡᠳ ᠡᠮᠬᠢ ᠳᠢᠭᠯᠢᠮ ᠤᠨ ᠬᠢᠨᠠᠯᠲᠠ ᠬᠠᠮᠢᠶᠠᠷᠤᠯᠲᠠ ᠵᠡᠷᠭᠡ ᠠᠵᠢᠯ ᠢ ᠪᠣᠳᠠᠲᠠᠶ | ᠬᠠᠷᠢᠭᠤᠴᠠᠨ᠎ᠠ᠃ | ᠭᠤᠷᠪᠠ᠂ ᠬᠦᠨᠳᠡᠯᠡᠨ ᠭᠤᠤᠯ ᠪᠠᠯᠭᠠᠰᠤ᠂ ᠪᠤᠷᠬᠠᠨᠲᠤ ᠪᠠᠯᠭᠠᠰᠤ᠂ ᠺᠦᠨᠪᠸᠢ ᠬᠡᠷᠡᠭ ᠡᠷᠬᠢᠯᠡᠬᠦ ᠭᠠᠵᠠᠷ ᠤᠨ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠨᠢ ᠬᠠᠷᠢᠶ᠎ᠠ ᠭᠠᠵᠠᠷ ᠤᠨ | ᠬᠠᠮᠢᠶᠠᠷᠤᠯᠲᠠ ᠶᠢᠨ ᠠᠵᠢᠯ ᠤᠨ ᠵᠠᠷᠴᠢᠮ ᠶᠣᠰᠣᠭᠠᠷ᠂ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ | ᠮᠠᠰᠢᠨ ᠬᠦᠳᠡᠯᠬᠡᠬᠦᠷᠲᠦ ᠲᠡᠷᠭᠡᠨ ᠤ ᠲᠡᠷᠭᠡᠨ ᠵᠣᠭᠰᠣᠭᠠᠯ ︵ᠲᠣᠮᠣ ᠲᠡᠷᠭᠡᠨ ᠤ ᠲᠡᠷᠭᠡᠨ ᠵᠣᠭᠰᠣᠭᠠᠯ ᠪᠠᠭᠲᠠᠨ᠎ᠠ︶ ᠤᠨ | ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠠᠶᠢᠵᠤ᠂ ᠲᠤᠰ ᠣᠷᠣᠨ ᠪᠦᠰᠡ ᠶᠢᠨ ᠳᠣᠲᠣᠷᠠᠬᠢ ᠵᠠᠮ ᠤᠨ ᠭᠠᠳᠠᠨᠠᠬᠢ ︵ | ᠵᠠᠮ ᠤᠨ ᠬᠥᠪᠡᠭᠡ ᠲᠠᠭᠠᠤ ᠪᠤᠰᠬᠠᠬᠰᠠᠨ ᠴᠢᠯᠠᠭᠤ ᠠᠴᠠ ᠳᠡᠭᠡᠭᠰᠢᠬᠢ ᠬᠠᠤᠯᠢ ᠶᠣᠰᠣᠨ ᠤ ᠪᠠᠷᠢᠯᠭ᠎ᠠ ᠬᠦᠷᠳᠡᠯᠡᠬᠢ | ᠬᠡᠰᠡᠭ︶ ᠡᠵᠡᠩᠨᠡᠯᠲᠡ ᠶᠢᠨ ᠴᠢᠨᠠᠷᠲᠠᠶ ᠰᠦᠢᠳᠬᠡᠯ ᠬᠤᠷᠢᠶᠠᠬᠤ ᠮᠠᠰᠢᠨᠲᠤ ᠲᠡᠷᠭᠡᠨ ᠤ ᠲᠡᠷᠭᠡᠨ ᠵᠣᠭᠰᠣᠭᠠᠯ ᠢ | ᠳᠠᠩᠰᠠᠯᠠᠭᠤᠯᠬᠤ ᠪᠠ ᠲᠡᠷᠬᠡ ᠵᠤᠬᠰᠤᠬᠤ ᠡᠮᠬᠢ ᠳᠢᠭᠯᠢᠮ ᠤᠨ ᠬᠠᠮᠢᠶᠠᠷᠤᠯᠲᠠ ᠶᠢᠨ ᠠᠵᠢᠯ ᠢ ᠪᠣᠳᠠᠲᠠᠶ ᠬᠠᠷᠢᠭᠤᠴᠠᠨ᠎ᠠ᠃ | ᠾᠧ ᠰᠢ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ᠂ ᠲᠤᠭᠤᠷᠢᠭ ᠤᠨ ᠪᠠᠶᠢᠭᠠᠯᠢ ᠶᠢᠨ ᠡᠬᠢ | ᠪᠠᠶᠠᠯᠢᠭ ᠤᠨ ᠬᠤᠪᠢᠶᠠᠷᠢ ᠲᠣᠪᠴᠢᠶ᠎ᠠ᠂ ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠳᠠ ᠬᠠᠮᠢᠶᠠᠷᠤᠯᠳᠠ ᠶᠢᠨ | ᠲᠣᠪᠴᠢᠶ᠎ᠠ᠂ ᠲᠤᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠲᠤᠭᠤᠷᠢᠭ ᠤᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠲᠤᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠳ ᠲᠣᠰ ᠲᠣᠰ ᠤᠨ ᠠᠵᠢᠯ ᠤᠨ ᠡᠭᠦᠷᠭᠡ | ᠬᠠᠷᠢᠭᠤᠴᠠᠯᠭ᠎ᠠ ᠶᠢᠨ ᠶᠣᠰᠣᠭᠠᠷ ᠬᠠᠮᠢᠶᠠᠷᠴᠤ᠂ ᠬᠠᠮᠢᠶᠠᠷᠤᠯᠲᠠ ᠶᠢᠨ ᠠᠷᠭ᠎ᠠ ᠶᠢ ᠲᠣᠰ ᠠᠷᠭ᠎ᠠ ᠪᠠᠷ ᠯᠠᠪᠯᠠᠯᠲᠠ ᠪᠣᠯᠭᠠᠨ | ᠬᠡᠷᠡᠭᠵᠢᠭᠦᠯᠵᠦ ᠪᠣᠯᠤᠨ᠎ᠠ᠃ |