ᠦᠰᠦᠭ ᠪᠢᠴᠢᠭ ᠢᠶᠠᠷ ᠥᠭᠦᠯᠡᠬᠦᠢ᠄ ︽ᠬᠥᠨᠳᠡᠯᠡᠨ ᠲᠣᠭᠤᠷᠢᠭ ᠤᠨ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠶᠯᠡᠴᠢᠯᠡᠭᠡᠨ ᠤ ᠠᠵᠢᠯ ᠤᠨ ᠬᠡᠷᠡᠭᠵᠢᠭᠦᠯᠬᠦ ᠲᠥᠰᠦᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/12/1
     ᠲᠣᠭᠲᠠᠭᠠᠭᠰᠠᠨ ᠠᠬᠤᠶ ᠪᠠᠶᠢᠳᠠᠯ      ᠮᠠᠨ ᠤ ᠲᠣᠭᠤᠷᠢᠭ ᠤᠨ ᠮᠠᠯ ᠠᠵᠤ ᠠᠬᠤᠶ ᠶᠢᠨ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠶᠯᠡᠴᠢᠯᠡᠭᠡᠨ ᠤ ᠠᠵᠢᠯ ᠤᠨ ᠴᠢᠳᠠᠪᠤᠷᠢ ᠪᠠ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠤ᠂ ᠤᠯᠤᠰ ᠤᠨ ᠲᠠᠷᠢᠶᠠᠯᠠᠩ ᠮᠠᠯ ᠠᠵᠤ ᠠᠬᠤᠶ ᠶᠢᠨ ᠣᠳᠣᠬᠢᠴᠢᠯᠠᠯᠲᠠ ᠶᠢᠨ ᠵᠢᠱᠢᠶ᠎ᠡ ᠦᠵᠡᠭᠦᠯᠬᠦ ᠣᠷᠣᠨ᠂ ᠪᠦᠬᠦ ᠤᠯᠤᠰ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠵᠢᠴᠢ ᠪᠷᠦ᠋ᠼᠧᠯ ᠡᠪᠡᠳᠴᠢᠨ ᠦᠯᠦ ᠬᠠᠯᠳᠠᠭᠠᠬᠤ ᠬᠢᠵᠢᠭ ᠦᠭᠡᠢ ᠣᠷᠣᠨ ᠢ ᠡᠭᠦᠳᠦᠨ ᠪᠠᠶᠢᠭᠤᠯᠬᠤ ᠶᠢ ᠯᠠᠪᠳᠠᠭᠤᠨ ᠪᠠᠲᠤᠲᠠᠶ ᠠᠬᠢᠭᠤᠯᠤᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠶᠢ ᠡᠭᠦᠳᠬᠦ ᠴᠢᠨᠠᠷ ᠰᠠᠶᠢᠲᠠᠶ ᠬᠥᠭᠵᠢᠯᠲᠡ ᠪᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠳᠤᠷᠢᠳᠤᠮᠵᠢ ᠪᠣᠯᠭᠠᠨ᠂ ᠮᠠᠯ ᠠᠵᠤ ᠠᠬᠤᠶ ᠶᠢᠨ ᠦᠶᠯᠡᠳᠪᠦᠷᠢᠯᠡᠯ ᠤᠨ ᠠᠮᠤᠷ ᠲᠦᠪᠰᠢᠨ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠪᠠ ᠲᠡᠵᠢᠭᠡᠨ ᠦᠷᠡᠵᠢᠭᠦᠯᠬᠦ ᠣᠷᠴᠢᠨ ᠲᠣᠭᠤᠷᠢᠨ ᠤ ᠠᠮᠢᠳᠤ ᠪᠣᠳᠠᠰ ᠤᠨ ᠰᠤᠳᠤᠯᠤᠯ ᠤᠨ ᠠᠮᠤᠷ ᠲᠦᠪᠰᠢᠨ ᠢᠶᠠᠷ ᠭᠤᠤᠯ ᠰᠢᠵᠢᠮ ᠪᠣᠯᠭᠠᠵᠤ᠂ ᠭᠤᠤᠯ ᠴᠣᠭᠴᠠ ᠣᠯᠠᠨ ᠡᠰᠢᠵᠢᠭᠰᠡᠨ᠂ ᠪᠦᠬᠦ ᠲᠠᠯ᠎ᠠ ᠶᠢ  ᠬᠠᠮᠤᠷᠤᠬᠰᠠᠨ᠂ ᠦᠢᠯᠡᠴᠢᠯᠡᠭᠡ ᠲᠤᠰᠬᠠᠶᠢᠵᠢᠬᠰᠠᠨ᠂ ᠲᠣᠭᠲᠠᠴᠠ ᠤᠷᠳᠤ ᠬᠤᠭᠤᠴᠠᠭ᠎ᠠ ᠪᠦᠳᠦᠮᠵᠢ ᠲᠠᠢ᠂ ᠠᠵᠢᠯᠯᠠᠭᠠᠨ ᠥᠨᠳᠥᠷ ᠪᠦᠲᠦᠮᠵᠢᠲᠡᠶ ᠰᠢᠨ᠎ᠡ ᠬᠡᠯᠪᠡᠷᠢ ᠶᠢᠨ ᠮᠠᠯ ᠠᠵᠤ ᠠᠬᠤᠶ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠶᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠪᠦᠬᠦᠯᠢ ᠴᠣᠭᠴᠠ ᠶᠢᠨ ᠦᠶᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠤ᠂ ᠪᠥᠬᠦ ᠲᠤᠭᠤᠷᠢᠭ ᠤᠨ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠪᠠ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠳᠤ ᠨᠡᠩ ᠰᠢᠯᠢᠳᠡᠭ ᠨᠠᠶᠢᠳᠠᠪᠤᠷᠢᠲᠠᠶ ᠮᠠᠯ ᠠᠵᠤ ᠠᠬᠤᠶ ᠶᠢᠨ ᠮᠠᠯ ᠡᠮᠨᠡᠯᠭᠡ ᠶᠢᠨ ᠣᠯᠠᠨ ᠨᠡᠶᠢᠲᠡ ᠶᠢᠨ ᠦᠶᠯᠡᠴᠢᠯᠡᠭᠡ ᠬᠠᠩᠭᠠᠬᠤ ᠶᠢᠨ ᠲᠦᠯᠦᠬᠡ᠂ ᠣᠳᠣᠬᠠᠨ ᠳᠤ ᠪᠥᠬᠦ ᠬᠤᠲᠠ ᠶᠢᠨ ᠠᠷᠪᠠᠨ ᠬᠤᠰᠢᠭᠤ ᠰᠢᠶᠠᠨ ᠲᠣᠭᠤᠷᠢᠭ ᠤᠨ ᠲᠤᠳᠤᠷ᠎ᠠ ᠪᠠᠶᠠᠨ ᠤᠪᠤᠭ᠎ᠠ ᠲᠣᠭᠤᠷᠢᠭ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠪᠠᠭᠲᠠᠭᠠᠮᠵᠢ ᠪᠠᠭ᠎ᠠ ᠠᠴᠠ ᠪᠤᠯᠵᠤ ᠡᠨᠡ ᠠᠵᠢᠯ ᠢ ᠥᠷᠨᠢᠭᠦᠯᠬᠦ ᠦᠬᠡᠢ ᠠᠴᠠ ᠭᠠᠳᠠᠨ᠎ᠠ᠂ ᠮᠠᠨ ᠤ ᠲᠤᠭᠤᠷᠢᠭ ᠪᠣᠯ ᠡᠨᠡᠬᠦ ᠠᠵᠢᠯ ᠢ ᠥᠷᠨᠢᠭᠦᠯᠦᠭᠡ ᠦᠭᠡᠶ ᠬᠠᠮᠤᠭ ᠰᠡᠭᠦᠯᠴᠢ ᠶᠢᠨ ᠨᠢᠭᠡ ᠬᠤᠰᠢᠭᠤ ᠰᠢᠶᠠᠨ ᠲᠣᠭᠤᠷᠢᠭ ᠪᠣᠯᠤᠨ᠎ᠠ᠂ ᠡᠶᠢᠮᠦ ᠠᠴᠠ ᠬᠥᠨᠳᠡᠯᠡᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ ᠮᠠᠨ ᠤ ᠲᠤᠭᠤᠷᠢᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠲᠣᠰ ᠲᠥᠰᠦᠯ ᠢ ᠲᠣᠭᠲᠠᠭᠠᠪᠠ᠃       ᠲᠣᠭᠲᠠᠭᠠᠭᠰᠠᠨ ᠦᠨᠳᠦᠰᠦᠯᠡᠯ      ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠢᠲᠠᠨ ᠤ ᠬᠢᠵᠢᠭ ᠢ ᠰᠡᠷᠭᠡᠶᠢᠯᠡᠬᠦ ᠬᠠᠤᠯᠢ︾᠂ ︽ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠬᠥᠭᠵᠢᠯᠲᠡ ᠶᠢ ᠠᠬᠢᠭᠤᠯᠬᠤ ᠲᠤᠬᠠᠶ ᠬᠦᠳᠡᠭᠡ ᠠᠵᠤ ᠠᠬᠤᠢ ᠶᠢᠨ ᠶᠠᠮᠤᠨ ᠤ ᠵᠢᠯᠣᠭᠤᠳᠬᠤ ᠰᠠᠨᠠᠯ︾ ︵ᠬᠦᠳᠡᠭᠡ ᠠᠵᠤ ᠠᠬᠤᠢ ᠶᠢᠨ ᠮᠠᠯ ᠠᠵᠤ ᠠᠬᠤᠢ ᠮᠠᠯ ᠡᠮᠨᠡᠯᠭᠡ   ᠶᠢᠨ ᠲᠤᠪᠴᠢᠶ᠎ᠡ ᠲᠠᠷᠬᠠᠭᠠᠪᠠ  ﹇2017﹈ 35 ᠳ᠋ᠤᠭᠠᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠳᠠᠷᠤᠮᠠᠯᠯᠠᠨ ᠲᠠᠷᠬᠠᠭᠠᠬᠰᠠᠨ ︿ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ﹀ ᠤᠨ ᠲᠤᠬᠠᠢ ᠮᠡᠳᠡᠭᠳᠡᠯ︾ ︵ᠥᠪᠥᠷ ᠮᠤᠩᠭᠤᠯ ᠤᠨ ᠲᠠᠷᠢᠶᠠᠯᠠᠩ ᠮᠠᠯ  ᠠᠵᠤ ᠠᠬᠤᠢ ᠶᠢᠨ ᠮᠠᠯ ᠡᠮᠨᠡᠯᠭᠡ ᠶᠢᠨ ᠲᠤᠪᠴᠢᠶ᠎ᠠ ᠲᠠᠷᠬᠠᠭᠠᠪᠠ ﹇2021﹈ 441 ᠳ᠋ᠤᠭᠡᠷ ᠲᠣᠭᠠᠲᠤ︶᠂ ︽ᠪᠤᠭᠤᠲᠤ ᠬᠤᠲᠠ ᠶᠢᠨ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ   ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ︿ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢ  ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ﹀ ᠢ ᠲᠠᠮᠵᠢᠭᠤᠯᠤᠨ ᠲᠠᠷᠬᠠᠭᠠᠬᠤ ᠮᠡᠳᠡᠭᠳᠡᠯ︾ ︵ᠪᠤᠭᠤᠲᠤ ᠬᠤᠳᠠ ᠶᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠤᠪᠴᠢᠶ᠎ᠠ ᠲᠠᠷᠬᠠᠭᠠᠪᠠ ﹇2021﹈ 128  ᠳ᠋ᠤᠭᠠᠷ ᠲᠤᠭᠠᠲᠦ  ︶ ᠤᠨ ᠪᠢᠴᠢᠭ ᠮᠠᠲ᠋ᠧᠷᠢᠶᠠᠯ ᠤᠨ ᠵᠤᠷᠢᠭ ᠰᠠᠨᠠᠭ᠎ᠠ ᠶᠢ ᠦᠨᠳᠦᠰᠦᠯᠡᠪᠡ᠃      ᠭᠤᠣᠯ ᠠᠭᠤᠯᠭ᠎ᠠ      ᠡᠨᠡᠬᠦ ᠠᠵᠢᠯ ᠢ ᠵᠠᠰᠠᠭ ᠤᠨ ᠣᠷᠳᠣᠨ ᠦᠢᠯᠡᠴᠢᠯᠡᠭᠡ ᠶᠢ ᠬᠤᠳᠠᠯᠳᠤᠨ ᠠᠪᠬᠤ ᠬᠡᠯᠪᠡᠷᠢ ᠪᠠᠷ ᠥᠷᠨᠢᠭᠦᠯᠵᠦ᠂ ᠠᠵᠢᠯ ᠤᠨ ᠠᠭᠤᠯᠭ᠎ᠠ ᠨᠢ᠄ ᠲᠤᠰ ᠬᠠᠷᠢᠶ᠎ᠠ ᠣᠷᠣᠨ ᠤ ᠳᠣᠲᠣᠷᠠᠬᠢ 24 ᠵᠠᠰᠠᠭ ᠵᠠᠬᠢᠷᠭᠠᠨ ᠤ ᠲᠣᠰᠬᠤᠨ ᠤ ᠪᠤᠶ ᠪᠦᠬᠦᠢ ᠲᠡᠵᠢᠭᠡᠨ ᠦᠷᠡᠵᠢᠭᠦᠯᠬᠦ ᠲᠠᠯᠠᠪᠠᠶ ︵ᠡᠷᠦᠬᠡ︶ ᠬᠢᠭᠡᠳ ᠬᠤᠲᠠ ᠶᠢᠨ ᠲᠣᠭᠤᠷᠢᠭ ᠤᠨ ᠲᠡᠵᠢᠭᠡᠨ ᠦᠷᠡᠵᠢᠭᠦᠯᠬᠦ ᠡᠷᠦᠬᠡ ᠶᠢᠨ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠬᠢᠬᠦ᠂ ᠦᠯᠢᠭᠡᠷ ᠠᠪᠬᠤ᠂ ᠡᠷᠦᠬᠡ ᠳᠤ ᠬᠦᠷᠴᠦ ᠪᠠᠶᠢᠴᠠᠭᠠᠯᠲᠠ ᠬᠢᠬᠦ ᠪᠠ ᠠᠮᠢᠲᠠᠨ ᠤ ᠬᠢᠵᠢᠭ ᠡᠪᠡᠳᠴᠢᠨ ᠤ ᠲᠠᠭᠠᠭᠠᠬᠴᠢ ᠶᠢ ᠬᠢᠨᠠᠨ ᠬᠡᠮᠵᠢᠬᠦ᠂ ᠡᠪᠡᠳᠴᠢᠨ ᠤ ᠢᠷᠡᠯᠲᠡ ᠶᠢ ᠬᠢᠨᠠᠨ ᠬᠡᠮᠵᠢᠬᠦ᠂ ᠬᠤᠣᠷ ᠥᠬᠡᠶᠢᠳᠡᠭᠦᠯᠦᠨ ᠰᠢᠶᠳᠪᠦᠷᠢᠯᠡᠬᠦ ᠵᠡᠷᠭᠡ ᠠᠵᠢᠯ ᠢ ᠵᠣᠬᠢᠶᠠᠨ ᠪᠠᠶᠢᠭᠤᠯᠤᠨ ᠪᠡᠶᠡᠯᠡᠭᠦᠯᠦᠨ᠎ᠡ᠃ ᠮᠠᠯ ᠵᠢᠭᠦᠷᠲᠡᠨ ᠤ ᠦᠯᠦ ᠬᠠᠯᠳᠠᠭᠠᠬᠤ ᠨᠢᠭᠲᠠᠴᠠ ᠪᠠ ᠦᠯᠦ ᠬᠠᠯᠳᠠᠭᠠᠬᠤ ᠶᠠᠰᠤ ᠴᠢᠨᠠᠷ ᠢ ᠪᠠᠲᠤᠯᠠᠨ᠎ᠠ᠃ ᠰᠢᠯᠦᠬᠡᠶ ᠡᠪᠡᠳᠴᠢᠨ᠂ ᠡᠪᠡᠳᠴᠢᠯᠡᠭᠦᠯᠬᠦ ᠴᠢᠨᠠᠷ ᠢᠶᠠᠷ ᠴᠢᠩᠭ᠎ᠠ ᠵᠢᠭᠦᠷᠲᠡᠨ ᠤ ᠬᠠᠯᠳᠠᠪᠤᠷᠢᠲᠤ ᠲᠠᠭᠰᠢᠭᠤᠷ᠂ ᠬᠡᠪᠢᠭᠴᠢ ᠪᠤᠭ ᠮᠠᠯ ᠤᠨ ᠬᠢᠵᠢᠭ᠂ ᠪᠷᠦ᠋ᠼᠧᠯ ᠡᠪᠡᠳᠴᠢᠨ᠂ ᠪᠡᠳᠡᠬᠢ ᠶᠢᠨ ᠬᠤᠷᠣᠬᠠᠶᠢᠲᠤ ᠡᠪᠡᠳᠴᠢᠨ ᠵᠡᠷᠭᠡ ᠠᠮᠢᠲᠠᠨ ᠤ ᠬᠦᠨᠳᠦ ᠶᠡᠭᠡ ᠬᠢᠵᠢᠭ ᠡᠪᠡᠳᠴᠢᠨ ᠳᠤ ᠠᠯᠪᠠᠳᠠᠯᠭ᠎ᠠ ᠶᠢᠨ ᠴᠢᠨᠡᠷᠳᠡᠢ ᠦᠯᠦ ᠬᠠᠯᠳᠠᠭᠠᠬᠤ ᠠᠵᠢᠯ ᠢ ᠰᠠᠶᠢᠲᠤᠷ ᠬᠢᠵᠦ᠂ ᠠᠮᠢᠲᠠᠨ ᠤ ᠬᠦᠨᠳᠦ ᠶᠡᠭᠡ ᠬᠢᠵᠢᠭ ᠡᠪᠡᠳᠴᠢᠨ ᠳᠤ ᠦᠯᠦ ᠬᠠᠯᠳᠠᠭᠠᠬᠤ ᠬᠠᠮᠳᠤᠯᠢᠭ ᠤᠨ ᠦᠯᠦ ᠬᠠᠯᠳᠠᠭᠠᠬᠤ ᠨᠢᠭᠲᠠᠴᠠ ᠶᠢ ᠵᠢᠯ ᠪᠦᠷᠢ 90% ᠠᠴᠠ ᠳᠡᠭᠡᠭᠰᠢ ᠳᠤ ᠪᠠᠶᠢᠯᠭᠠᠬᠤ ᠶᠢ ᠪᠠᠲᠤᠯᠠᠵᠤ᠂ ᠡᠭᠦᠨ ᠳᠤ ᠮᠠᠯ ᠵᠢᠭᠦᠷᠲᠡᠨ ᠤ ᠦᠯᠦ ᠬᠠᠯᠳᠠᠭᠠᠬᠤ ᠨᠢᠭᠲᠠᠴᠠ ᠶᠢ 100% ᠳᠤ ᠬᠦᠷᠬᠡᠨ᠎ᠡ᠃ ᠡᠪᠡᠳᠴᠢᠯᠡᠭᠦᠯᠬᠦ ᠴᠢᠨᠠᠷ ᠢᠶᠠᠷ ᠴᠢᠩᠭ᠎ᠠ ᠵᠢᠭᠦᠷᠲᠡᠨ ᠤ ᠬᠠᠯᠳᠠᠪᠤᠷᠢᠲᠤ ᠲᠠᠭᠰᠢᠭᠤᠷ᠂ ᠰᠢᠯᠦᠬᠡᠶ ᠡᠪᠡᠳᠴᠢᠨ᠂ ᠬᠡᠪᠢᠭᠴᠢ ᠪᠤᠭ ᠮᠠᠯ ᠤᠨ ᠬᠢᠵᠢᠭ ᠦᠯᠦ ᠬᠠᠯᠳᠠᠭᠠᠬᠤ ᠲᠠᠭᠠᠭᠠᠬᠴᠢ ᠶᠢᠨ ᠬᠢᠷᠢ ᠲᠡᠩᠴᠡᠬᠦ ᠨᠣᠷᠮ᠎ᠠ ᠶᠢ ᠪᠦᠬᠦ ᠵᠢᠯ ᠳᠤ 70% ᠠᠴᠠ ᠳᠡᠭᠡᠭᠰᠢ ᠪᠠᠶᠢᠯᠭᠠᠬᠤ ᠶᠢ ᠪᠠᠲᠤᠯᠠᠨ᠎ᠠ᠃ ᠡᠨᠡᠬᠦ ᠰᠠᠭᠤᠷᠢᠨ ᠳᠡᠭᠡᠷ᠎ᠡ ᠬᠠᠷᠢᠶ᠎ᠠ ᠣᠷᠣᠨ ᠤ ᠪᠠᠨ ᠲᠥᠯᠥᠪᠯᠡᠭᠡᠲᠦ ᠦᠯᠦ ᠬᠠᠯᠳᠠᠭᠠᠬᠤ ᠠᠵᠢᠯ ᠢ ᠨᠢᠭᠡᠳᠦᠯᠲᠡᠶ ᠲᠦᠯᠦᠪᠵᠢᠬᠦᠯᠦᠨ ᠨᠡᠶᠢᠲᠡ ᠳᠤᠨᠢ ᠬᠠᠷᠠᠭᠠᠯᠵᠠᠬᠤ ᠬᠡᠷᠡᠭᠲᠡᠶ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号