11ᠰᠠᠷ᠎ᠠ ᠶᠢᠨ 28 ᠤ ᠡᠳᠦᠷ᠂ ᠬᠥᠨᠳᠡᠯᠡᠨ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠷᠢᠨ ᠳᠥᠷᠪᠡᠳᠦᠭᠡᠷ ᠤᠳᠠᠭ᠎ᠠ | ᠶᠢᠨ ᠬᠤᠷᠠᠯ ᠬᠤᠷᠠᠯᠳᠤᠭᠤᠯᠪᠠ᠃ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠧᠤ ᠮᠢᠨ ᠵᠢᠶᠧ᠂ ᠳᠡᠳ᠋ ᠡᠷᠬᠢᠯᠡᠭᠴᠢ ᠬᠤ᠋ ᠰᠢᠶᠠ᠂ ᠸᠠᠩ ᠸᠧᠶ᠂ ᠯᠢᠦ ᠯᠢ | ᠰᠢᠶᠠ᠂ ᠬᠠᠰᠪᠢᠯᠢᠭ᠌ ᠵᠢᠴᠢ ᠭᠡᠰᠢᠭᠦᠨ ᠨᠡᠶᠢᠲᠡ 27 ᠬᠥᠮᠦᠨ ᠬᠤᠷᠠᠯ ᠳᠤ ᠣᠷᠣᠯᠴᠠᠵᠠᠶ᠃ ᠵᠧᠤ ᠮᠢᠨ ᠵᠢᠶᠧ᠂ ᠬᠤ᠋ | ᠰᠢᠶᠠ ᠲᠣᠰ ᠲᠣᠰ ᠠᠩᠬᠠᠳᠤᠭᠠᠷ ᠤᠳᠠᠭ᠎ᠠ ᠪᠠ ᠬᠤᠶᠠᠳᠤᠭᠠᠷ ᠤᠳᠠᠭᠠᠨ ᠤ ᠪᠥᠬᠦᠳᠡ ᠬᠤᠷᠠᠯ ᠢ ᠡᠷᠭᠢᠯᠡᠪᠡ᠃ | | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠤᠭᠤᠷᠢᠭ ᠤᠨ ᠳᠡᠳ᠋ ᠳᠠᠷᠤᠭ᠎ᠠ ᠯᠢ ᠬᠤᠩ ᠢᠦᠶ᠂ | ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ ᠯᠢᠦ ᠡᠾᠦ᠋ᠢ᠂ ᠲᠣᠭᠤᠷᠢᠭ ᠤᠨ ᠬᠢᠨᠠᠨ ᠪᠠᠶᠢᠴᠠᠭᠠᠬᠤ | ᠵᠥᠪᠯᠡᠯ᠂ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠤ ᠬᠠᠮᠢᠶ᠎ᠠ ᠪᠥᠬᠦᠶ ᠬᠠᠷᠢᠭᠤᠴᠠᠯᠭᠠᠲᠠᠨ᠂ | ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠶᠢᠨ ᠪᠥᠬᠦ ᠺᠠᠳ᠋ᠷ᠂ | ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠲᠦᠷᠢᠮ ᠤᠨ ᠵᠥᠪᠯᠡᠯ ᠤᠨ | ᠪᠦᠷᠢᠯᠳᠦᠬᠦᠨ᠂ ᠡᠯ᠎ᠡ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ᠂ ᠵᠡᠭᠡᠯᠢ | ᠭᠤᠳᠤᠮᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠡᠷᠬᠢᠯᠡᠭᠴᠢ ᠵᠢᠴᠢ | ᠲᠣᠭᠤᠷᠢᠭ ᠤᠨ 5 ᠠᠷᠠᠳ ᠤᠨ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠵᠠᠶ᠃ | ᠬᠤᠷᠠᠯ ᠠᠴᠠ ᠨᠡᠶᠢᠭᠡᠮ ᠤᠨ ᠠᠮᠤᠷ ᠢ ᠬᠠᠮᠠᠭᠠᠯᠠᠬᠤ ᠰᠡᠷᠭᠡᠶᠢᠯᠡᠨ ᠡᠵᠡᠮᠳᠡᠬᠦ ᠰᠢᠰᠲ᠋ᠧᠮ ᠤᠨ ᠪᠠᠶᠢᠭᠤᠯᠤᠯᠲᠠ ᠶᠢᠨ | ᠠᠵᠢᠯ ᠤᠨ ᠪᠠᠶᠢᠳᠠᠯ ᠤᠨ ᠲᠤᠬᠠᠶ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠡᠳᠡᠭᠦᠯᠦᠯᠲᠡ ᠶᠢ | ᠰᠣᠨᠣᠰᠴᠤ ᠬᠢᠨᠠᠨ ᠵᠥᠪᠯᠡᠭᠰᠡᠨ ᠪᠥᠭᠡᠳ ᠮᠡᠳᠡᠭᠦᠯᠦᠯᠲᠡ ᠳᠤ ᠬᠠᠨᠤᠮᠵᠢ ᠲᠠᠢ ᠪᠠᠶᠢᠬᠤ ᠬᠡᠮᠵᠢᠶ᠎ᠡ ᠶᠢᠨ ᠪᠠᠲᠤᠯᠠᠯᠲᠠ | ᠬᠢᠵᠦ᠂ ᠪᠠᠲᠤᠯᠠᠯᠲᠠ ᠶᠢᠨ ᠦᠷ᠎ᠡ ᠳ᠋ᠦᠩ ᠨᠢ ᠬᠠᠨᠤᠮᠵᠶ ᠲᠠᠢ ᠪᠤᠯᠪᠠ᠃ | ᠬᠤᠷᠠᠯ ᠠᠴᠠ ᠣᠨᠴᠠ ᠵᠠᠷᠢᠮ ᠲᠥᠯᠥᠭᠡᠯᠡᠭᠴᠢ ᠶᠢᠨ ᠲᠥᠯᠥᠭᠡᠯᠡᠭᠴᠢ ᠶᠢᠨ ᠬᠢᠷᠢ ᠬᠡᠮ ᠤᠨ ᠲᠤᠬᠠᠶ | ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠲᠥᠯᠥᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠬᠤ ᠵᠥᠪᠯᠡᠯ ᠤᠨ ᠮᠡᠳᠡᠭᠦᠯᠦᠯᠲᠡ ︵ᠲᠥᠰᠦᠯ︶᠂ ᠲᠤᠭᠤᠷᠢᠭ | ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ | ᠬᠡᠷᠡᠭᠵᠢᠭᠦᠯᠦᠯᠲᠡ ᠶᠢ ᠪᠠᠶᠢᠴᠠᠭᠠᠬᠤ ᠳᠤᠭᠤᠶᠢᠯᠠᠩ ᠤᠨ ︽ᠬᠥᠯᠥᠰᠥᠨ ᠲᠠᠷᠢᠶᠠᠴᠢᠨ ᠤ ᠴᠠᠯᠢᠩ ᠢ ᠥᠭᠬᠦ ᠶᠢ | ᠪᠠᠲᠤᠯᠠᠬᠤ ᠲᠦᠷᠢᠮ︾ ᠢ ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠭᠰᠠᠨ ᠲᠤᠬᠠᠶ ᠮᠡᠳᠡᠭᠦᠯᠦᠯᠲᠡ ᠶᠢ ᠰᠣᠨᠣᠰᠴᠤ | ᠬᠢᠨᠠᠨ ᠵᠥᠪᠯᠡᠭᠰᠡᠨ ᠪᠥᠭᠡᠳ ᠪᠠᠲᠤᠯᠠᠪᠠ᠃ ᠬᠤᠷᠠᠯ ᠠᠴᠠ ︽ᠬᠥᠨᠳᠡᠯᠡᠨ ᠲᠣᠭᠤᠷᠢᠭ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ᠲᠤᠭᠤᠷᠢᠭ ᠤᠨ ᠠᠷᠠᠳ ᠤᠨ ᠵᠠᠰᠠᠭ ᠤᠨ | ᠤᠷᠳᠤᠨ ᠤ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠳᠤ ᠲᠤᠬᠢᠷᠠᠭᠤᠯᠤᠯᠳᠠ ᠬᠢᠬᠦ ᠶᠢ | ᠵᠥᠪᠰᠢᠶᠡᠷᠡᠬᠦ ᠲᠤᠬᠠᠢ ᠲᠣᠭᠲᠠᠭᠠᠯ ︵ᠲᠥᠰᠦᠯ︶︾᠂ ︽ᠬᠥᠨᠳᠡᠯᠡᠨ ᠲᠣᠭᠤᠷᠢᠭ ᠤᠨ ᠠᠷᠠᠳ ᠤᠨ ᠰᠢᠭᠦᠬᠦ | ᠬᠤᠷᠢᠶᠠᠨ ᠤ ᠠᠷᠠᠳ ᠤᠨ ᠬᠠᠪᠰᠤᠷᠤᠨ ᠰᠢᠭᠦᠭᠴᠢ ᠶᠢᠨ ᠣᠷᠣᠨ ᠲᠤᠭ᠎ᠠ ᠶᠢ ᠨᠡᠮᠡᠵᠤ ᠨᠦᠬᠦᠬᠦ ᠪᠠᠷ ᠲᠤᠬᠳᠠᠬᠰᠠᠨ | ᠲᠤᠬᠠᠢ ᠬᠥᠨᠳᠡᠯᠡᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠲᠣᠭᠲᠠᠭᠠᠯ ︵ᠲᠥᠰᠦᠯ︶︾ ᠢ ᠬᠢᠨᠠᠨ ᠵᠥᠪᠯᠡᠵᠦ ᠪᠠᠲᠤᠯᠠᠪᠠ᠃ | ᠬᠤᠷᠠᠯ ᠠᠴᠠ 18 ᠰᠢᠭᠦᠭᠴᠢ᠂ ᠪᠠᠶᠢᠴᠠᠭᠠᠭᠴᠢ ᠲᠤᠰᠢᠶᠠᠯᠳᠠᠨ ᠤ ᠲᠤᠰᠢᠶᠠᠯ ᠢᠶᠠᠨ ᠭᠦᠢᠴᠡᠳᠬᠡᠭᠰᠡᠨ | ᠪᠠᠶᠢᠳᠠᠯ ᠳᠤ ᠦᠨᠡᠯᠡᠯᠲᠡ ᠬᠢᠭᠰᠡᠨ ᠪᠥᠭᠡᠳ ᠲᠤᠰ ᠲᠤᠰ ᠬᠠᠨᠤᠮᠵᠢ ᠲᠠᠢ ᠪᠠᠶᠢᠬᠤ ᠪᠠᠶᠢᠳᠠᠯ ᠳᠤ ᠪᠠᠲᠤᠯᠠᠯᠲᠠ ᠬᠢᠵᠦ᠂ | ᠪᠠᠲᠤᠯᠠᠯᠲᠠ ᠶᠢᠨ ᠦᠷ᠎ᠡ ᠳ᠋ᠦᠩ ᠨᠢ ᠴᠥᠮ ᠬᠠᠨᠤᠮᠵᠢᠲᠠᠢ ᠪᠤᠯᠪᠠ᠃ | ᠬᠤᠷᠠᠯ ᠠᠴᠠ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ | ᠶᠠᠪᠤᠳᠠᠯ ᠢ ᠬᠢᠨᠠᠨ ᠵᠥᠪᠯᠡᠭᠰᠡᠨ ᠪᠥᠭᠡᠳ ᠪᠠᠲᠤᠯᠠᠵᠤ᠂ ᠸᠧᠨ ᠵᠧᠨ ᠢ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ ᠤ ᠲᠤᠭᠤᠷᠢᠭ ᠤᠨ ᠳᠡᠳ᠋ ᠳᠠᠷᠤᠭ᠎ᠠ ᠪᠠᠷ ᠲᠣᠮᠢᠯᠠᠬᠤ ᠪᠠᠷ ᠲᠣᠭᠲᠠᠪᠠ᠃ ᠵᠧᠤ ᠮᠢᠨ ᠵᠢᠶᠧ ᠰᠢᠨ᠎ᠡ ᠪᠠᠷ | ᠲᠤᠰᠢᠶᠠᠯ ᠳᠤ ᠲᠣᠮᠢᠯᠠᠭᠳᠠᠭᠰᠠᠨ ᠬᠥᠮᠦᠰ ᠲᠤ ᠲᠤᠰᠢᠶᠠᠯ ᠳᠤ ᠲᠣᠮᠢᠯᠠᠬᠤ ᠪᠢᠴᠢᠭ ᠭᠠᠷᠳᠠᠭᠤᠯᠵᠤ᠂ ᠰᠢᠨ᠎ᠡ ᠪᠠᠷ | ᠲᠤᠰᠢᠶᠠᠯ ᠳᠤ ᠲᠣᠮᠢᠯᠠᠭᠳᠠᠭᠰᠠᠨ ᠬᠥᠮᠦᠰ ᠦᠨᠳᠦᠰᠦᠨ ᠬᠠᠤᠯᠢ ᠳᠤ ᠲᠠᠩᠭᠠᠷᠢᠭᠯᠠᠭᠰᠠᠨ ᠪᠥᠭᠡᠳ ᠣᠪᠣᠷ ᠢᠶᠠᠨ | ᠢᠯᠡᠳᠬᠡᠬᠦ ᠦᠭᠡ ᠬᠡᠯᠡᠵᠡᠶ᠃ ︵ᠰᠤᠷᠪᠤᠯᠵᠢᠯᠠᠭᠴᠢ᠄ ᠭᠤᠤ ᠵᠢᠶᠠ ᠲᠦᠩ᠂ ᠵᠤᠤ ᠶᠢᠨ ᠹᠧᠩ ᠬᠢᠨᠠᠨ | ᠬᠠᠷᠭᠤᠭᠤᠯᠤᠬᠰᠠᠨ ᠨᠢ᠄ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠠᠯᠪᠠᠨ ᠭᠡᠷ︶ |