ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠤᠮᠤ ᠬᠡᠷᠡᠭ ᠶᠠᠪᠤᠳᠠᠯ ᠤᠨ ᠲᠡᠮᠳᠡᠭᠯᠡᠯ | ︵2024 ᠣᠨ ᠤ 9 — 10 ᠰᠠᠷ᠎ᠠ︶ | | 9 ᠰᠠᠷ᠎ᠠ ᠶᠢᠨ 10 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ | ᠳᠠᠷᠤᠭ᠎ᠠ ᠢᠦᠶ ᠵᠠᠨ ᠵᠢᠶᠠᠩ ᠰᠢᠯᠢᠳᠡᠭ ᠰᠤᠷᠭᠠᠨ ᠬᠥᠮᠦᠵᠢᠯ ᠤᠨ ᠠᠵᠢᠯᠲᠠᠨ ᠵᠢᠴᠢ ᠪᠠᠭᠰᠢ ᠶᠢᠨ ᠲᠥᠯᠥᠭᠡᠯᠡᠭᠴᠢ ᠶᠢ | ᠪᠣᠯᠭᠤᠭᠠᠨ ᠲᠣᠬᠤᠨᠢᠭᠤᠯᠤᠭᠰᠠᠨ ᠪᠥᠭᠡᠳ ᠪᠥᠬᠦ ᠲᠤᠭᠤᠷᠢᠭ ᠤᠨ ᠥᠷᠭᠡᠨ ᠣᠯᠠᠨ ᠰᠤᠷᠭᠠᠨ ᠬᠥᠮᠦᠵᠢᠯ ᠤᠨ | ᠠᠵᠢᠯᠲᠠᠨ ᠳᠤ ᠪᠠᠶᠠᠷ ᠤᠨ ᠡᠳᠦᠷ ᠤᠨ ᠵᠦᠩᠨᠡᠯ ᠪᠠ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠪᠡ᠃ ᠢᠦᠶ ᠵᠠᠨ | ᠵᠢᠶᠠᠩ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ | ᠪᠠᠭᠰᠢ ᠶᠢᠨ ᠡᠩᠨᠡᠭᠡ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠡᠪ ᠪᠣᠯᠪᠠᠰᠤᠷᠠᠯ ᠢ ᠪᠥᠬᠦ ᠲᠠᠯ᠎ᠠ ᠪᠠᠷ | ᠳᠡᠭᠡᠭᠰᠢᠯᠡᠭᠦᠯᠵᠦ᠂ ᠪᠠᠭᠰᠢ ᠶᠢ ᠬᠥᠲᠥᠯᠥᠨ ᠵᠢᠯᠣᠭᠤᠳᠴᠤ ᠪᠠᠭᠰᠢ ᠶᠢᠨ ᠮᠣᠷᠠᠯ ᠢ ᠪᠣᠯᠪᠠᠰᠤᠷᠠᠭᠤᠯᠵᠤ᠂ ᠡᠷᠳᠡᠮ | ᠰᠢᠨᠵᠢᠯᠡᠭᠡᠨ ᠤ ᠰᠤᠷᠳᠠᠯ ᠢ ᠴᠢᠩᠭ᠎ᠠ ᠵᠠᠰᠠᠵᠤ᠂ ᠶᠡᠭᠡ ᠬᠠᠶᠢᠷ᠎ᠠ ᠶᠢ ᠡᠪᠦᠷᠯᠡᠨ᠂ ᠰᠤᠷᠤᠭᠴᠢᠳ ᠤᠨ ᠦᠰᠦᠨ | ᠪᠤᠶᠢᠵᠢᠵᠤ ᠴᠢᠳᠠᠪᠤᠷᠢᠲᠠᠨ ᠪᠣᠯᠬᠤ ᠶᠢᠨ ᠳᠠᠭᠠᠭᠤᠯᠤᠭᠴᠢ ᠪᠣᠯᠬᠤ ᠬᠡᠷᠡᠭᠲᠡᠶ᠃ ᠰᠤᠷᠤᠭᠴᠢᠳ ᠤᠨ ᠶᠡᠷᠦᠩᠬᠡᠶᠢᠯᠡᠭᠰᠡᠨ | ᠬᠡᠪ ᠪᠤᠯᠪᠠᠰᠤᠷᠠᠯ ᠤᠨ ᠬᠥᠮᠦᠵᠢᠯ ᠢ ᠴᠢᠬᠤᠯᠠᠴᠢᠯᠠᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠷᠭ᠎ᠠ ᠶᠢᠨ | ᠲᠠᠯ᠎ᠠ ᠪᠠᠷ ᠲᠠᠰᠤᠷᠠᠯᠲᠠ ᠥᠬᠡᠶ ᠰᠢᠨ᠎ᠡ ᠶᠢ ᠡᠭᠦᠳᠴᠦ᠂ ᠰᠤᠷᠤᠭᠴᠢᠳ ᠤᠨ ᠡᠷᠡᠭᠦᠯ ᠢᠶᠠᠷ ᠦᠰᠦᠨ ᠪᠤᠶᠢᠵᠢᠬᠤ ᠶᠢ | ᠬᠥᠲᠥᠯᠥᠨ ᠵᠢᠯᠣᠭᠤᠳᠬᠤ ᠬᠦᠨᠳᠦ ᠡᠭᠦᠷᠭᠡ ᠶᠢ ᠡᠭᠦᠷᠭᠡᠯᠡᠵᠦ᠂ ᠶᠣᠰᠣ ᠰᠤᠷᠲᠠᠬᠤᠨ ᠣᠶᠤᠨ ᠤᠬᠠᠭᠠᠨ ᠪᠡᠶ᠎ᠡ | ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠪᠥᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠥᠲᠥᠭᠡᠨ | ᠪᠠᠶᠢᠭᠤᠯᠤᠭᠴᠢ ᠪᠠ ᠵᠠᠯᠭᠠᠮᠵᠢᠯᠠᠭᠴᠢ ᠶᠢ ᠲᠠᠰᠤᠷᠠᠯᠲᠠ ᠥᠬᠡᠶ ᠬᠥᠮᠦᠵᠢᠭᠦᠯᠬᠦ ᠬᠡᠷᠡᠭᠲᠡᠶ᠃ ᠬᠤᠯᠪᠣᠭᠳᠠᠯ ᠪᠥᠬᠦᠶ | ᠰᠠᠯᠠᠭ᠎ᠠ ᠮᠥᠴᠢᠷ ᠤᠨ ᠬᠢᠨ ᠰᠤᠷᠭᠠᠨ ᠬᠥᠮᠦᠵᠢᠯ ᠢ ᠬᠠᠯᠠᠮᠵᠢᠯᠠᠵᠤ᠂ ᠰᠤᠷᠭᠠᠨ ᠬᠥᠮᠦᠵᠢᠯ ᠢ ᠳᠡᠮᠵᠢᠵᠦ᠂ ᠪᠠᠭᠰᠢ ᠶᠢ | ᠬᠦᠨᠳᠦᠳᠬᠡᠵᠦ ᠰᠤᠷᠭᠠᠨ ᠬᠥᠮᠦᠵᠢᠯ ᠢ ᠴᠢᠬᠤᠯᠠᠴᠢᠯᠠᠬᠤ ᠨᠡᠶᠢᠭᠡᠮ ᠤᠨ ᠬᠡᠪ ᠰᠤᠷᠲᠠᠯ ᠢ ᠶᠡᠭᠡ ᠪᠠᠷ ᠪᠠᠳᠠᠷᠠᠭᠤᠯᠵᠤ᠂ | ᠰᠤᠷᠭᠠᠨ ᠬᠥᠮᠦᠵᠢᠯ ᠢ ᠤᠷᠢᠳ ᠢᠶᠠᠷ ᠪᠣᠳᠣᠯᠬᠢᠯᠠᠬᠤ ᠪᠠᠭᠰᠢ ᠶᠢ ᠤᠷᠢᠳ ᠢᠶᠠᠷ ᠪᠤᠳᠤᠯᠬᠢᠯᠠᠬᠤ ᠶᠢ ᠦᠨᠡᠨᠬᠦ | ᠪᠣᠳᠠᠲᠠᠶ ᠳᠤ ᠨᠠᠶᠢᠳᠠᠪᠤᠷᠢᠵᠢᠭᠤᠯᠵᠤ᠂ ᠥᠷᠭᠡᠨ ᠣᠯᠠᠨ ᠪᠠᠭᠰᠢ ᠨᠡᠷ ᠢ ᠰᠡᠳᠬᠢᠯ ᠠᠮᠤᠷ ᠪᠠᠭᠰᠢᠯᠠᠭᠤᠯᠵᠤ᠂ ᠬᠠᠯᠠᠭᠤᠨ | ᠰᠡᠳᠬᠢᠯ ᠢᠶᠠᠷ ᠪᠠᠭᠰᠢᠯᠠᠭᠤᠯᠵᠤ᠂ ᠪᠥᠬᠦ ᠬᠤᠲᠠ ᠶᠢᠨ ᠨᠠᠩ ᠴᠢᠨᠠᠷ ᠰᠠᠶᠢᠲᠠᠶ ᠰᠤᠷᠭᠠᠨ ᠬᠥᠮᠦᠵᠢᠯ ᠤᠨ ᠥᠨᠳᠦᠷᠯᠢᠭ ᠢ | ᠴᠣᠭᠴᠠᠯᠠᠬᠤ ᠳᠤ ᠦᠷᠭᠦᠯᠵᠢᠯᠡᠨ ᠬᠥᠨᠳᠡᠯᠡᠨ ᠲᠣᠭᠤᠷᠢᠭ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠦ | ᠴᠢᠬᠤᠯᠠᠴᠢᠯᠠᠪᠠ᠃ | 9 ᠰᠠᠷ᠎ᠠ ᠶᠢᠨ 20 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ | ᠳᠠᠷᠤᠭ᠎ᠠ ᠢᠦᠶ ᠵᠠᠨ ᠵᠢᠶᠠᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2024 ᠣᠨ ᠤ 12 ᠳ᠋ᠤᠭᠠᠷ | ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠣᠭᠤᠷᠢᠭ ᠤᠨ ᠵᠠᠰᠠᠭ ᠤᠨ ᠣᠷᠳᠣᠨ ᠤ | ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠢᠦᠶ ᠷᠦᠢ ᠴᠢᠩ᠂ ᠸᠠᠩ ᠰᠢᠤ ᠵᠢᠤᠸᠠᠨ᠂ ᠯᠢ ᠬᠤᠩ | ᠢᠦᠶ᠂ ᠶᠠᠩ ᠶᠠᠩ᠂ ᠵᠧᠤ ᠬᠠᠶ ᠹᠸᠢ᠂ ᠯᠢ ᠸᠧᠶ ᠬᠤᠷᠠᠯ ᠳᠤ ᠣᠷᠣᠯᠴᠠᠪᠠ᠃ ᠬᠤᠷᠠᠯ ᠠᠴᠠ ᠶᠡᠷᠦᠩᠬᠡᠢ ᠱᠦᠵᠢ | ᠰᠢ ᠶᠢᠨ ᠫᠢᠩ ᠤᠨ ᠪᠦᠬᠦ ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ ᠳᠡᠭᠡᠷᠡᠬᠢ ᠶᠠᠷᠢᠶᠠᠨ ᠤ ᠵᠣᠷᠢᠭ | ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠭᠠᠨᠰᠦ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠶᠠᠷᠢᠶᠠᠨ ᠤ | ᠵᠣᠷᠢᠭ ᠰᠠᠨᠠᠭ᠎ᠠ ᠵᠢᠴᠢ ᠶᠡᠷᠦᠩᠬᠡᠢ ᠱᠦᠵᠢ ᠰᠢ ᠶᠢᠨ ᠫᠢᠩ ᠤᠨ ᠬᠠᠳᠤᠨ ᠭᠤᠣᠯ ᠤᠨ ᠰᠠᠪᠠ ᠭᠠᠵᠠᠷ ᠤᠨ ᠠᠮᠢ | ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠬᠤ ᠶᠠᠷᠢᠯᠴᠠᠬᠤ ᠬᠤᠷᠠᠯ | ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ᠂ ︽ᠪᠤᠭᠤᠲᠤ ᠬᠤᠲᠠ ᠶᠢᠨ ᠴᠢᠬᠤᠯᠠ ᠶᠡᠭᠡ ᠡᠭᠦᠷᠭᠡ ᠪᠠ ᠭᠤᠤᠯᠳᠠᠯᠭ᠎ᠠ ᠲᠠᠢ | ᠠᠵᠢᠯ ᠢ ᠨᠠᠶᠢᠳᠠᠪᠤᠷᠢᠵᠢᠭᠤᠯᠤᠭᠠᠳ ᠲᠣᠪᠤᠶᠢᠮ᠎ᠠ ᠠᠮᠵᠢᠯᠲᠠ ᠪᠦᠲᠦᠮᠵᠢ ᠣᠯᠤᠭᠰᠠᠨ ᠢ ᠤᠷᠮᠠᠰᠢᠭᠤᠯᠬᠤ ᠲᠤᠬᠠᠶ | ᠮᠡᠳᠡᠭᠳᠡᠯ︾᠂ ︽ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠤᠨ ᠣᠷᠳᠣ | ᠬᠤᠭᠤᠴᠠᠭ᠎ᠠ ᠪᠦᠳᠦᠮᠵᠢ ᠲᠠᠢ ᠪᠣᠯᠭᠠᠬᠤ ᠶᠢ ᠠᠬᠢᠭᠤᠯᠬᠤ ᠲᠤᠬᠠᠶ ᠰᠠᠨᠠᠯ︾ ᠢ ᠤᠯᠠᠮᠵᠢᠯᠠᠨ ᠰᠤᠷᠤᠯᠴᠠᠵᠤ᠂ ᠶᠡᠷᠦᠩᠬᠡᠶ | ᠱᠦᠵᠢ ᠰᠢ ᠶᠢᠨ ᠫᠢᠩ ᠤᠨ ᠬᠠᠶᠢᠨᠠᠨ ᠭᠤᠸᠠᠩᠳᠦ᠋ᠩ ᠵᠡᠷᠭᠡ ᠭᠠᠵᠠᠷ ᠤᠨ ᠲᠠᠶᠢᠹᠧᠩ ᠰᠠᠯᠬᠢᠨ ᠤ ᠭᠠᠮᠰᠢᠭ ᠤᠨ ᠲᠤᠬᠠᠶ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠶᠡᠷᠦᠩᠬᠡᠶ ᠰᠠᠶᠢᠳ ᠯᠢ ᠴᠢᠶᠠᠩ ᠤᠨ ᠵᠢᠭᠠᠪᠤᠷᠢ ᠶᠢᠨ | ᠱᠠᠭᠠᠷᠳᠠᠯᠭ᠎ᠠ ᠶᠢ ᠪᠢᠴᠢᠭ ᠤᠨ ᠬᠡᠯᠪᠡᠷᠢ ᠪᠠᠷ ᠤᠯᠠᠮᠵᠢᠯᠠᠪᠠ︔ ︽ᠪᠤᠭᠤᠲᠤ ᠬᠤᠳᠠ ᠶᠢᠨ ᠬᠥᠨᠳᠡᠯᠡᠨ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ᠂ ᠲᠠᠢ ᠭᠦ᠋ ᠡᠨᠧᠷᠭᠢ ᠶᠢᠨ ︵ᠥᠪᠥᠷ ᠮᠣᠩᠭᠤᠯ︶ ᠬᠢᠵᠠᠭᠠᠷᠲᠤ ᠺᠣᠮᠫᠠᠨᠢ ᠶᠢᠨ | ᠣᠨᠴᠠ ᠲᠦᠷᠦᠯ ᠤᠨ ᠡᠨᠧᠷᠭᠢ ᠶᠢᠨ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠤᠨ ᠲᠦᠷᠦᠯ ᠵᠦᠢᠯ ᠤᠨ ᠪᠡᠯᠡ | ᠣᠷᠣᠭᠤᠯᠤᠯᠲᠠ ᠶᠢᠨ ᠬᠡᠯᠡᠯᠴᠡᠭᠡᠷ ︵ᠬᠦᠷᠭᠡᠨ ᠬᠢᠨᠠᠭᠤᠯᠬᠤ ᠨᠤᠤᠷᠠᠭ︶︾ ᠢ ᠰᠤᠳᠤᠯᠤᠨ ᠬᠢᠨᠠᠨ ᠵᠥᠪᠯᠡᠪᠡ︔ ᠥᠪᠥᠷ | ᠮᠣᠩᠭᠤᠯ ᠤᠨ ᠵᠦᠩ ᠯᠢᠶᠠᠨ ᠳ᠋ᠠ ᠠᠵᠤ ᠦᠢᠯᠡᠰ ︵ᠪᠦᠯᠦᠭᠯᠡᠯ︶ ᠤᠨ ᠬᠢᠵᠠᠭᠠᠷᠲᠤ ᠺᠣᠮᠫᠠᠨᠢ ᠶᠢᠨ ᠲᠠᠢ ᠬᠦ᠋ | ᠡᠨᠧᠷᠭᠢ ᠶᠢᠨ ︵ᠥᠪᠥᠷ ᠮᠣᠩᠭᠤᠯ︶ ᠬᠢᠵᠠᠭᠠᠷᠲᠤ ᠺᠣᠮᠫᠠᠨᠢ ᠳᠤ ᠬᠤᠪᠢ ᠤᠷᠤᠬᠤ ᠬᠤᠯᠪᠣᠭᠳᠠᠯ ᠪᠦᠬᠦᠢ ᠶᠠᠪᠤᠳᠠᠯ ᠤᠨ | ᠲᠤᠬᠠᠢ ᠬᠠᠷᠢᠭᠤ ᠮᠡᠳᠡᠭᠦᠯᠦᠯᠲᠡ᠂ 2025 ᠣᠨ ᠤ ᠲᠥᠪ ᠤᠨ ᠡᠳ᠋ ᠤᠨ ᠵᠠᠰᠠᠭ ᠤᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠨᠥᠬᠦᠪᠥᠷᠢ ᠪᠡᠯᠡ ᠮᠥᠩᠭᠦ ︵ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ | ᠡᠭᠦᠷᠭᠡ︶ ᠶᠢ ᠵᠤᠯᠭᠠᠭᠤᠯᠤᠨ ᠬᠡᠷᠡᠭᠯᠡᠬᠦ ᠲᠦᠷᠦᠯ ᠵᠦᠢᠯ ᠢ ᠬᠥᠮᠥᠷᠭᠡ ᠳᠤ ᠣᠷᠣᠭᠤᠯᠤᠭᠰᠠᠨ ︵ᠪᠡᠯᠡᠳᠬᠡᠯ | ᠰᠤᠩᠭᠤᠬᠰᠠᠨ ᠨᠡᠷᠡᠰ︶ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ᠂ ᠬᠥᠨᠳᠡᠯᠡᠨ ᠲᠣᠭᠤᠷᠢᠭ ᠤᠨ 2023 | ᠣᠨ ᠤ ᠲᠤᠰ ᠱᠠᠲᠤᠨ ᠤ ᠲᠥᠰᠦᠪ ᠤᠨ ᠭᠦᠢᠴᠡᠳᠬᠡᠯ ︵ᠲᠥᠰᠦᠯ︶ ᠤᠨ ᠲᠤᠬᠠᠢ ᠮᠡᠳᠡᠭᠦᠯᠦᠯᠲᠡ ᠶᠢ ᠰᠣᠨᠣᠰᠪᠠ᠃ | 10 ᠰᠠᠷ᠎ᠠ ᠶᠢᠨ 10 ᠤ ᠡᠳᠦᠷ᠂ ᠪᠥᠬᠦ ᠲᠤᠭᠤᠷᠢᠭ ᠤᠨ ᠰᠠᠯᠠᠭᠠᠨ ᠲᠠᠰ ᠤᠨ ᠭᠤᠤᠯ ᠤᠳᠤᠷᠢᠳᠬᠤ | ᠺᠠᠳ᠋ᠷ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ | ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ ᠲᠤᠰᠬᠠᠶ ᠰᠡᠳᠦᠪᠲᠦ | ᠪᠣᠯᠪᠠᠰᠤᠷᠠᠯ ᠤᠨ ᠠᠩᠭᠢ ᠡᠬᠢᠯᠡᠪᠡ᠃ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠶᠦᠩ ᠯᠢ ᠬᠤᠷᠠᠯ ᠳᠤ | ᠣᠷᠣᠯᠴᠠᠵᠤ ᠶᠠᠷᠢᠶ᠎ᠠ ᠲᠠᠯᠪᠢᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ | ᠳᠠᠷᠤᠭ᠎ᠠ ᠢᠦᠶ ᠵᠠᠨ ᠵᠢᠶᠠᠩ ᠰᠤᠷᠤᠯᠭ᠎ᠠ ᠡᠬᠢᠯᠡᠬᠦ ᠶᠣᠰᠣᠯᠠᠯ ᠢ ᠡᠷᠭᠢᠯᠡᠪᠡ᠃ ᠲᠣᠭᠤᠷᠢᠭ ᠤᠨ ᠳᠥᠷᠪᠡᠨ ᠶᠡᠭᠡ | ᠤᠳᠤᠷᠢᠳᠬᠤ ᠪᠠᠭ ᠤᠨ ᠤᠳᠤᠷᠢᠳᠬᠤ ᠨᠥᠬᠦᠳ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ︽ᠬᠤᠶᠠᠷ | ᠳᠠᠷᠤᠭ᠎ᠠ︾᠂ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠰᠢᠶᠠᠨ ᠤ ᠱᠠᠲᠤᠨ ᠤ ᠤᠳᠤᠷᠢᠳᠤᠯᠭ᠎ᠠ | ᠵᠢᠴᠢ ᠪᠦᠬᠦ ᠲᠣᠭᠤᠷᠢᠭ ᠤᠨ ᠵᠢᠩᠬᠢᠨᠢ ᠰᠠᠯᠠᠭᠠᠨ ᠲᠡᠰ ᠤᠨ ᠤᠳᠤᠷᠢᠳᠬᠤ ᠺᠠᠳ᠋ᠷ ᠣᠷᠣᠯᠴᠠᠪᠠ᠃ | 10 ᠰᠠᠷ᠎ᠠ ᠶᠢᠨ 10 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠶᠦᠩ ᠯᠢ | ᠭᠤᠤᠯᠳᠠᠯᠭ᠎ᠠ ᠲᠠᠢ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠪᠠ ᠠᠶᠤᠯᠭᠦᠶ ᠦᠶᠯᠡᠳᠪᠦᠷᠢᠯᠡᠯ ᠤᠨ ᠠᠵᠢᠯ ᠢ | ᠪᠠᠶᠢᠴᠠᠭᠠᠨ ᠰᠤᠳᠤᠯᠪᠠ᠃ ᠶᠢᠨ ᠶᠦᠩ ᠯᠢ ᠨᠡᠷ ᠤᠷᠢᠳ ᠬᠤᠵᠢᠳ Mini/Micro ᠰᠢᠨ᠎ᠡ ᠬᠡᠯᠪᠡᠷᠢ ᠶᠢᠨ | ᠳᠡᠯᠭᠡᠴᠡ ᠶᠢᠨ ᠦᠶᠯᠡᠳᠬᠦᠨ ᠤ ᠲᠥᠷᠥᠯ ᠵᠦᠶᠯ᠂ ᠵᠢᠯᠣᠭᠤᠴᠢ ᠥᠬᠡᠶ ᠨᠢᠰᠬᠡᠯ ᠤᠨ ᠠᠵᠤ ᠦᠢᠯᠡᠰ ᠵᠢᠭᠠᠨ | ᠰᠤᠷᠭᠠᠯᠳᠠ ᠰᠤᠳᠤᠯᠭᠠᠨ ᠬᠡᠷᠡᠭᠯᠡᠬᠡᠨ ᠢ ᠠᠭᠤᠰᠤᠯᠴᠠᠭᠤᠯᠬᠤ ᠰᠠᠭᠤᠷᠢᠨ᠂ ᠵᠥᠩ ᠪᠥᠸᠧ ᠪᠤᠬᠢᠷᠳᠤᠯ ᠦᠬᠡᠢ | ᠡᠨᠧᠷᠭᠢ ᠶᠢᠨ ᠣᠶᠤᠨᠴᠢ ᠡᠨᠧᠷᠭᠢ ᠶᠢᠨ ᠠᠷᠠᠯ ᠵᠡᠷᠭᠡ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ | ᠲᠤᠬᠠᠶ ᠶᠢᠨ ᠲᠠᠯᠠᠪᠠᠶ ᠳᠤ ᠬᠦᠷᠴᠦ᠂ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠤᠬᠠᠶ ᠶᠢᠨ | ᠭᠠᠵᠠᠷ ᠲᠤᠨᠢ ᠪᠠᠶᠢᠴᠠᠭᠠᠨ ᠦᠵᠡᠵᠦ᠂ ᠲᠥᠷᠥᠯ ᠵᠦᠶᠯ ᠢ ᠠᠬᠢᠭᠤᠯᠬᠤ ᠳᠤᠮᠳᠠ ᠣᠷᠣᠰᠢᠵᠤ ᠪᠠᠶᠢᠭ᠎ᠠ ᠬᠦᠴᠢᠷ | ᠠᠰᠠᠭᠤᠳᠠᠯ ᠢ ᠨᠠᠷᠢᠨ ᠣᠶᠢᠯᠠᠭᠠᠬᠤ ᠶᠢᠨ ᠬᠠᠮᠲᠤ ᠲᠤᠬᠠᠶ ᠶᠢᠨ ᠲᠠᠯᠠᠪᠠᠶ ᠳᠤ ᠲᠣᠬᠢᠷᠠᠭᠤᠯᠤᠠ ᠪᠠᠶᠢᠷᠢᠯᠠᠭᠤᠯᠪᠠ᠃ | ᠲᠣᠭᠤᠷᠢᠭ ᠤᠨ ᠤᠳᠤᠷᠢᠳᠤᠯᠭ᠎ᠠ ᠢᠦᠢ ᠵᠠᠨ ᠵᠢᠶᠠᠩ᠂ ᠹᠦ᠋ ᠢᠦᠢ᠂ ᠢᠦᠢ ᠷᠦᠢ ᠴᠢᠩ᠂ ᠰᠤ᠋ ᠵᠢᠶᠦ᠋ᠨ᠂ ᠵᠧᠦ ᠬᠠᠢ | ᠹᠸᠢ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ | ᠣᠷᠣᠯᠴᠠᠪᠠ᠃ | 10 ᠰᠠᠷ᠎ᠠ ᠶᠢᠨ 11 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ | ᠳᠠᠷᠤᠭ᠎ᠠ ᠢᠦᠶ ᠵᠠᠨ ᠵᠢᠶᠠᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2024 ᠣᠨ ᠤ 13 ᠳ᠋ᠤᠭᠠᠷ | ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠣᠭᠤᠷᠢᠭ ᠤᠨ ᠵᠠᠰᠠᠭ ᠤᠨ ᠣᠷᠳᠣᠨ ᠤ | ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠡᠤ ᠱᠧᠨ ᠮᠦᠸᠧ᠂ ᠸᠠᠩ ᠰᠢᠤ ᠵᠢᠤᠸᠠᠨ᠂ ᠵᠧᠤ ᠬᠠᠶ | ᠹᠸᠢ᠂ ᠯᠢ ᠸᠧᠶ ᠬᠤᠷᠠᠯ ᠳᠤ ᠣᠷᠣᠯᠴᠠᠪᠠ᠃ ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠪᠥᠬᠦ | ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ | ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠰᠦᠨ ᠱᠤᠤ ᠴᠧᠩ᠂ ᠸᠠᠩ ᠯᠢ ᠰᠢᠶᠠ ᠨᠥᠬᠦᠷ ᠤᠨ ᠥᠪᠡᠷᠲᠡᠭᠡᠨ ᠵᠠᠰᠠᠬᠤ | ᠣᠷᠣᠨ ᠤ 2024 ᠣᠨ ᠤ ᠭᠤᠤᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠳᠡᠭᠡᠷᠡᠬᠢ ᠶᠠᠷᠢᠶᠠᠨ ᠤ ᠵᠣᠷᠢᠭ | ᠰᠠᠨᠠᠭ᠎ᠠ᠂ ︽ᠵᠠᠰᠠᠭ ᠤᠨ ᠣᠷᠳᠣᠨ ᠤ ᠪᠠᠯᠠ ᠣᠷᠣᠭᠤᠯᠤᠭᠰᠠᠨ ᠲᠥᠷᠥᠯ ᠵᠦᠶᠯ ᠢ ᠬᠡᠲᠦᠷᠬᠡᠶ ᠵᠢᠷᠤᠵᠤ ᠲᠥᠯᠥᠪᠯᠡᠨ | ᠬᠡᠳᠦ ᠵᠠᠰᠠᠨ ᠴᠢᠮᠡᠭᠯᠡᠬᠦ ᠪᠠ ᠴᠢᠬᠤᠯᠠ ᠪᠤᠰᠤ ᠮᠡᠳᠡᠭᠡ ᠵᠠᠩᠭᠢᠵᠢᠭᠤᠯᠤᠨ ᠪᠥᠲᠥᠭᠡᠨ ᠪᠠᠶᠢᠭᠤᠯᠬᠤ ᠶᠢ ᠰᠡᠷᠭᠡᠶᠢᠯᠡᠬᠦ | ᠲᠤᠬᠠᠢ ᠪᠤᠭᠤᠲᠤ ᠬᠤᠲᠠ ᠶᠢᠨ ᠠᠷᠪᠠᠨ ᠨᠢᠭᠡᠨ ᠵᠦᠶᠯ ᠤᠨ ᠠᠷᠭ᠎ᠠ ᠬᠡᠮᠵᠢᠶ᠎ᠡ︾ ᠶᠢ ᠤᠯᠠᠮᠵᠢᠯᠠᠨ ᠰᠤᠷᠤᠯᠴᠠᠪᠠ︔ ︽ | ︿ᠬᠥᠨᠳᠡᠯᠡᠨ ᠲᠣᠭᠤᠷᠢᠭ ᠤᠨ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠮᠥᠩᠭᠦ﹀ ᠶᠢᠨ ᠬᠠᠮᠲᠤᠷᠠᠯᠴᠠᠭᠠᠨ ᠤ | ᠬᠡᠯᠡᠯᠴᠡᠬᠡᠷ ᠤᠨ ᠪᠢᠴᠢᠭ ︵ᠬᠦᠷᠭᠡᠨ ᠬᠢᠨᠠᠭᠤᠯᠬᠤ ᠨᠤᠤᠷᠠᠭ︶︾︔ ᠭᠠᠵᠠᠷ ᠰᠢᠷᠣᠶ ᠶᠢᠨ ᠡᠵᠡᠩᠨᠡᠯᠲᠡ ᠶᠢᠨ | ᠡᠷᠬᠡ ᠶᠢ ᠰᠢᠯᠵᠢᠬᠦᠯᠦᠭᠰᠡᠨ ᠠᠰᠢᠭ ᠣᠯᠵᠠᠪᠤᠷᠢ ᠶᠢᠨ ᠪᠡᠯᠡ ᠮᠥᠩᠭᠦ ᠶᠢ ᠬᠡᠷᠡᠭᠯᠡᠬᠦ ᠲᠤᠬᠠᠶ ᠬᠠᠷᠢᠭᠤ ᠮᠡᠳᠡᠭᠦᠯᠦᠯᠲᠡ᠂ | ᠳᠠᠩᠰᠠᠯᠠᠭᠤᠯᠬᠤ ᠬᠥᠷᠥᠩᠭᠡ ᠮᠥᠩᠭᠦ ᠶᠢ ᠰᠠᠯᠭᠠᠨ ᠥᠭᠬᠦ ᠲᠤᠬᠠᠶ ᠵᠢᠭᠠᠪᠤᠷᠢ᠂ ᠬᠥᠨᠳᠡᠯᠡᠨ ᠲᠣᠭᠤᠷᠢᠭ ᠤᠨ ᠵᠠᠰᠠᠭ ᠤᠨ | ᠣᠷᠳᠣᠨ ᠬᠢᠭᠡᠳ ᠵᠦᠩ ᠴᠧᠩ ᠺᠣᠮᠫᠠᠨᠢ ᠶᠢᠨ ᠲᠣᠭᠲᠠᠭᠰᠠᠨ ︽ᠵᠢᠯ ᠤᠨ ᠡᠭᠡᠭᠦᠯᠦᠨ ᠬᠤᠷᠢᠶᠠᠵᠤ ᠪᠣᠯᠪᠠᠰᠤᠷᠠᠭᠤᠯᠬᠤ | 50 ᠲᠦᠮᠡᠨ ᠲᠣᠨ ᠤ ᠲᠥᠷᠥᠯ ᠵᠦᠶᠯ ᠤᠨ ᠪᠡᠯᠡ ᠣᠷᠣᠭᠤᠯᠤᠯᠲᠠ ᠶᠢᠨ ᠬᠡᠯᠡᠯᠴᠡᠬᠡᠷ︾ ᠢ ᠬᠦᠴᠦᠨ ᠦᠬᠡᠢ | ᠪᠤᠯᠭᠠᠬᠤ ᠲᠤᠬᠠᠶ ᠬᠠᠷᠢᠭᠤ ᠮᠡᠳᠡᠭᠦᠯᠦᠯᠲᠡ ᠶᠢ ᠰᠤᠳᠤᠯᠤᠨ ᠬᠢᠨᠠᠨ ᠵᠥᠪᠯᠡᠪᠡ ᠃ |