ᠲᠣᠭᠤᠷᠢᠭ ᠤᠨ ᠳᠡᠳ᠋ ᠳᠠᠷᠤᠭ᠎ᠠ ᠡᠬᠡᠯᠵᠢᠯᠡᠨ ᠵᠢᠵᠢᠭᠦᠷᠯᠡᠵᠤ ᠠᠷᠠᠳ ᠤᠯᠠᠨ ᠤ ᠬᠦᠰᠡᠯ ᠱᠠᠭᠠᠷᠳᠠᠯᠭ᠎ᠠ ᠳᠤ ᠬᠠᠷᠢᠭᠤᠯᠲᠠ ᠥᠭᠭᠦᠨ᠎ᠡ︕
ᠨᠡᠶᠢᠲᠡᠯᠡᠭᠰᠡᠨ ᠴᠠᠭ᠄
2024/12/10
    ᠣᠶᠢᠷ᠎ᠠ ᠶᠢᠨ ᠬᠤᠭᠤᠴᠠᠭᠠᠨ ᠳᠤ᠂ ᠪᠥᠬᠦ ᠬᠤᠲᠠ ᠶᠢᠨ ᠳᠡᠭᠡᠳᠦ ᠳᠤᠤᠷᠠᠳᠤ ᠱᠠᠲᠤᠨ ᠤ ᠬᠢᠨ ᠤ ᠬᠦᠨᠵᠡᠭᠡᠶᠢᠷᠡᠬᠦᠯᠦᠨ ᠦᠷᠨᠢᠬᠦᠯᠵᠦ ᠪᠠᠶᠢᠭ᠎ᠠ ︽ᠯᠠᠪᠳᠠᠢ ᠰᠢᠢᠳᠪᠦᠷᠢᠯᠡᠬᠦ ᠠᠷᠭ᠎ᠠ ᠪᠠᠶᠢᠬᠤ ᠰᠡᠳᠬᠢᠬᠦᠶ ᠶᠢ ᠪᠣᠶ    ᠪᠣᠯᠭᠠᠵᠤ᠂ ᠠᠵᠢᠯ ᠤᠨ ᠪᠠᠷᠢᠮᠵᠢᠶ᠎ᠠ ᠪᠠᠨ ᠳᠡᠭᠡᠭᠰᠢᠯᠡᠭᠦᠯᠦᠨ᠂ ᠲᠡᠷᠢᠭᠦᠨ ᠵᠡᠷᠭᠡ ᠶᠢᠨ ᠠᠮᠵᠢᠯᠲᠠ ᠪᠦᠲᠦᠮᠵᠢ ᠶᠢ ᠴᠢᠷᠮᠠᠶᠢᠨ ᠡᠭᠦᠳᠬᠦ︾ ᠲᠤᠰᠬᠠᠶ ᠰᠡᠳᠦᠪᠲᠦ ᠠᠵᠢᠯᠯᠠᠭ᠎ᠠ ᠲᠠᠢ ᠤᠶᠠᠯᠳᠤᠭᠤᠯᠤᠨ᠂ ᠬᠥᠨᠳᠡᠯᠡᠨ ᠲᠣᠭᠤᠷᠢᠭ ᠤᠨ ᠬᠢᠨ ᠠᠷᠠᠳ ᠣᠯᠠᠨ ᠤ ᠪᠣᠳᠠᠲᠤ ᠬᠡᠷᠡᠭᠴᠡᠭᠡ ᠶᠢ ᠦᠨᠳᠦᠰᠦᠯᠡᠨ᠂ 12345 ᠬᠠᠯᠠᠮᠰᠢᠯ ᠤᠲᠠᠰᠤᠨ ᠤ ᠠᠵᠢᠯ ᠤᠨ ᠲᠠᠯ᠎ᠠ ᠪᠠᠷ ᠦᠳᠲᠡᠷ ᠲᠦᠷᠭᠡᠨ ᠰᠢᠨ᠎ᠡ ᠠᠷᠭ᠎ᠠ ᠬᠡᠮᠵᠢᠶ᠎ᠡ ᠶᠢ ᠨᠡᠶᠢᠳᠡᠯᠡᠵᠤ᠂ ᠲᠣᠭᠤᠷᠢᠭ ᠤᠨ ᠵᠠᠰᠠᠭ ᠤᠨ ᠣᠷᠳᠣᠨ ᠤ ᠡᠯ᠎ᠡ ᠬᠤᠪᠢᠳᠠᠨ ᠬᠠᠮᠢᠶᠠᠷᠴᠤ ᠪᠠᠶᠢᠭ᠎ᠠ ᠲᠣᠭᠤᠷᠢᠭ ᠤᠨ ᠳᠡᠳ᠋ ᠳᠠᠷᠤᠭ᠎ᠠ ᠨᠠᠷ ᠵᠢᠵᠢᠬᠦᠷᠯᠡᠨ ᠠᠵᠢᠯᠯᠠᠵᠤ ᠬᠠᠯᠠᠮᠰᠢᠯ ᠤᠲᠠᠰᠤᠨ ᠤ ᠠᠬᠤᠢ ᠲᠠᠯᠠᠪᠠᠶ ᠳᠤ ᠣᠷᠣᠵᠤ ᠰᠠᠭᠤᠨ᠂ ᠪᠡᠶ᠎ᠡ ᠪᠠᠷ ᠢᠶᠠᠨ ᠵᠢᠯᠣᠭᠤᠳᠴᠤ᠂ ᠬᠤᠪᠢᠳᠠᠨ ᠬᠠᠮᠢᠶᠠᠷᠴᠦ ᠪᠠᠶᠢᠭ᠎ᠠ ᠨᠢᠭᠡᠴᠢ ᠶᠢᠨ ᠰᠢᠢᠳᠪᠦᠷᠢᠯᠡᠬᠦ ᠳᠤ ᠬᠦᠴᠢᠷ ᠲᠦᠪᠡᠭᠲᠡᠶ ᠠᠵᠢᠯ ᠤᠨ ᠨᠠᠷᠢᠨ ᠲᠡᠩᠰᠠᠨ ᠳᠠᠬᠢ ᠠᠵᠢᠯ ᠢ ᠰᠢᠢᠳᠪᠦᠷᠢᠯᠡᠨ ᠬᠦᠢᠴᠡᠳᠬᠡᠬᠦ ᠶᠢ ᠲᠡᠰ ᠦᠰᠬᠡᠭᠡᠨ ᠠᠬᠢᠭᠤᠯᠵᠤ᠂ ︽ᠲᠦᠮᠡᠨ ᠬᠡᠷᠡᠭ ᠲᠤ ᠰᠢᠢᠳᠪᠦᠷᠢᠯᠡᠬᠦ ᠠᠷᠭ᠎ᠠ ᠪᠠᠶᠢᠬᠤ︾ ᠰᠡᠳᠬᠢᠬᠦᠶ ᠪᠠᠷ ᠬᠠᠯᠠᠮᠰᠢᠯ ᠤᠲᠠᠰᠤ ᠪᠠᠷ ᠢᠷᠡᠬᠦᠯᠦᠭᠰᠡᠨ ᠠᠰᠠᠭᠤᠳᠠᠯ ᠢ ᠰᠢᠶᠳᠪᠦᠷᠢᠯᠡᠬᠦ ᠠᠵᠢᠯ ᠢ ᠬᠦᠴᠦᠲᠡᠶ ᠠᠬᠢᠭᠤᠯᠪᠠ᠃       ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ︽ᠡᠭᠦᠳᠡ ᠪᠠᠨ ᠬᠠᠭᠠᠬᠤ ᠥᠬᠡᠶ︾᠂ ᠠᠷᠠᠳ ᠣᠯᠠᠨ ᠤ ᠬᠦᠰᠡᠯ ᠱᠠᠭᠠᠷᠳᠠᠯᠭ᠎ᠠ ᠪᠦᠬᠦᠨ ᠳᠤ ︽ᠬᠠᠷᠢᠭᠤ ᠲᠤᠰᠬᠠᠯ ᠭᠠᠷᠬᠤ︾ ᠶᠢ ᠦᠨᠡᠨ ᠬᠦ ᠪᠠᠲᠤᠯᠠᠬᠤ ᠶᠢᠨ ᠲᠥᠯᠥᠭᠡ᠂ ᠬᠥᠨᠳᠡᠯᠡᠨ ᠲᠣᠭᠤᠷᠢᠭ ᠢᠳᠡᠪᠬᠢᠲᠡᠶ ᠰᠦᠪᠡᠭᠴᠢᠯᠡᠨ᠂ ᠵᠣᠷᠢᠭᠲᠠᠶ ᠪᠠᠷ ᠰᠢᠨ᠎ᠡ ᠶᠢ ᠡᠭᠦᠳᠴᠦ᠂ ᠬᠤᠪᠢᠳᠠᠨ ᠬᠠᠮᠢᠶᠠᠷᠴᠤ ᠪᠠᠶᠢᠭ᠎ᠠ ᠲᠣᠭᠤᠷᠢᠭ ᠤᠨ ᠲᠡᠳ᠋ ᠳᠠᠷᠤᠭ᠎ᠠ ᠨᠡᠷ ᠬᠠᠯᠠᠮᠰᠢᠯ ᠤᠲᠠᠰᠤ ᠶᠢᠨ ᠠᠬᠤᠢ ᠲᠠᠯᠠᠪᠠᠢ ᠳᠤ ᠡᠭᠡᠯᠵᠢᠯᠡᠨ ᠵᠢᠵᠢᠭᠦᠷᠯᠡᠬᠦ ᠠᠵᠢᠯ ᠤᠨ ᠲᠣᠭᠲᠠᠴᠠ ᠶᠢ ᠪᠠᠶᠢᠭᠤᠯᠵᠤ᠂ ᠡᠳᠦᠷ ᠪᠦᠷᠢ ᠬᠤᠪᠢᠳᠠᠨ ᠬᠠᠮᠢᠶᠠᠷᠴᠤ ᠪᠠᠶᠢᠭ᠎ᠠ ᠨᠢᠭᠡ ᠲᠣᠭᠤᠷᠢᠭ ᠤᠨ ᠲᠡᠳ᠋ ᠳᠠᠷᠤᠭ᠎ᠠ ᠬᠠᠯᠠᠮᠰᠢᠯ ᠤᠲᠠᠰᠤ ᠶᠢᠨ ᠠᠯᠪᠠᠨ ᠬᠡᠷ ᠲᠤ ᠣᠷᠣᠵᠤ ᠰᠠᠭᠤᠵᠤ᠂ ᠲᠣᠰ ᠲᠣᠰ ᠤᠨ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠰᠢᠢᠳᠪᠦᠷᠢᠯᠡᠬᠦ ᠳᠤ ᠬᠦᠴᠢᠷ ᠲᠦᠪᠡᠭᠲᠡᠶ ᠠᠵᠢᠯ ᠤᠨ ᠨᠠᠷᠢᠨ ᠲᠡᠩᠰᠠᠨ ᠳᠠᠬᠢ ᠠᠵᠢᠯ ᠢ ᠰᠢᠢᠳᠪᠦᠷᠢᠯᠡᠨ ᠬᠦᠢᠴᠡᠳᠬᠡᠬᠦ ᠳᠤ ᠨᠠᠷᠢᠯᠢᠭ ᠣᠨᠣᠪᠴᠢᠲᠠᠶ ᠠᠩᠬᠠᠷᠤᠯ ᠢᠶᠠᠨ ᠲᠥᠪᠯᠡᠷᠡᠭᠦᠯᠵᠦ᠂ ᠬᠤᠪᠢᠳᠠᠨ ᠬᠠᠮᠢᠶᠠᠷᠴᠤ ᠪᠠᠶᠢᠭ᠎ᠠ ᠨᠢᠭᠡᠴᠢ ᠶᠢᠨ ᠰᠢᠢᠳᠪᠦᠷᠢᠯᠡᠬᠦ ᠳᠤ ᠬᠦᠴᠢᠷ ᠲᠦᠪᠡᠭᠲᠡᠶ ᠠᠵᠢᠯ ᠤᠨ ᠨᠠᠷᠢᠨ ᠲᠡᠩᠰᠠᠨ ᠳᠠᠬᠢ ᠠᠵᠢᠯ ᠢ ᠰᠢᠶᠳᠪᠦᠷᠢᠯᠡᠬᠦ ᠠᠬᠢᠴᠠ ᠲᠤᠮᠳᠠᠬᠢ ᠬᠦᠴᠢᠷᠳᠡᠯ᠂ ᠲᠦᠭᠵᠢᠷᠠᠯ ᠴᠡᠭ ᠪᠤᠯᠵᠤ ᠪᠠᠶᠢᠭ᠎ᠠ ᠠᠰᠠᠭᠤᠳᠠᠯ ᠳᠤ ᠬᠦᠨᠵᠡᠬᠡᠢ ᠵᠠᠳᠠᠯᠤᠯᠳᠠ ᠬᠢᠵᠤ᠂ ᠰᠡᠳᠬᠢᠮᠵᠢ ᠪᠠᠨ ᠲᠤᠳᠤᠷᠬᠠᠢ ᠪᠤᠯᠭᠠᠨ᠂ ᠲᠤᠬᠠᠶ ᠶᠢᠨ ᠲᠠᠯᠠᠪᠠᠶ ᠳᠤ ᠵᠢᠭᠠᠨ ᠵᠢᠯᠣᠭᠤᠳᠴᠤ᠂ ᠥᠨᠳᠥᠷ ᠦᠷ᠎ᠡ ᠪᠦᠲᠦᠮᠵᠢᠲᠡᠶ ᠵᠣᠬᠢᠴᠠᠭᠤᠯᠵᠤ᠂ ᠬᠤᠪᠢᠳᠠᠨ ᠬᠠᠮᠢᠶᠠᠷᠴᠤ ᠪᠠᠶᠢᠭ᠎ᠠ ᠨᠢᠬᠡᠴᠢ  ᠶᠢᠨ ᠰᠢᠢᠳᠪᠦᠷᠢᠯᠡᠬᠦ ᠳᠤ ᠬᠦᠴᠢᠷ ᠲᠦᠪᠡᠭᠲᠡᠶ ᠠᠵᠢᠯ ᠤᠨ ᠨᠠᠷᠢᠨ ᠲᠡᠩᠰᠠᠨ ᠳᠠᠬᠢ ᠠᠰᠠᠭᠤᠳᠠᠯ ᠶᠢ ᠪᠤᠭᠤᠮᠳᠠ ᠰᠢᠪᠳᠤᠯᠤᠨ ᠰᠢᠢᠳᠪᠦᠷᠢᠯᠡᠬᠦ ᠳᠤ ᠬᠦᠴᠦᠨ ᠨᠡᠮᠡᠷᠢᠯᠡᠵᠤ᠂ ᠦᠨᠳᠦᠷ ᠪᠠᠷᠢᠮᠵᠢᠶ᠎ᠠ ᠪᠠᠷ ᠠᠬᠢᠭᠤᠯᠬᠤ᠂ ᠦᠨᠳᠦᠷ ᠦᠷ᠎ᠡ ᠪᠦᠳᠦᠮᠵᠢᠳᠡᠢ ᠪᠠᠷ ᠬᠤᠯᠪᠤᠭᠠᠯᠠᠨ ᠬᠦᠳᠡᠯᠦᠯᠴᠡᠬᠦ ᠠᠷᠠᠳ ᠤᠨ ᠠᠮᠢᠳᠤᠷᠠᠯ ᠤᠨ ᠭᠤᠮᠤᠳᠠᠯ ᠲᠤᠭᠠᠴᠢᠯᠳᠠ ᠶᠢ ᠰᠢᠢᠳᠪᠦᠷᠢᠯᠡᠬᠦ ᠰᠢᠨ᠎ᠡ ᠬᠡᠯᠬᠢᠶ᠎ᠡ ᠶᠢ ᠪᠠᠶᠢᠭᠤᠯᠪᠠ᠃       ᠴᠤ᠋ ᠰᠢᠨ᠎ᠡ ᠠᠵᠢᠯ ᠤᠨ ᠲᠣᠭᠲᠠᠴᠠ ᠶᠢ ᠨᠠᠶᠢᠳᠠᠪᠤᠷᠢᠵᠢᠭᠤᠯᠵᠤ᠂ ︽ᠰᠢᠢᠳᠪᠦᠷᠢᠯᠡᠬᠦ ᠳᠤ ᠬᠦᠴᠢᠷ ᠲᠦᠪᠡᠭᠲᠡᠶ ᠠᠵᠢᠯ ᠤᠨ ᠨᠠᠷᠢᠨ ᠲᠡᠩᠰᠠᠨ ᠳᠠᠬᠢ ᠠᠵᠢᠯ︾ ᠢ ᠲᠠᠰ ᠦᠰᠬᠡᠬᠡᠨ ᠭᠦᠶᠴᠡᠳᠬᠡᠪᠠ᠃ ᠬᠤᠪᠢᠳᠠᠨ ᠬᠠᠮᠢᠶᠠᠷᠴᠤ ᠪᠠᠶᠢᠭ᠎ᠠ ᠲᠤᠭᠤᠷᠢᠭ ᠤᠨ ᠳᠡᠳ᠋ ᠳᠠᠷᠤᠭ᠎ᠠ ᠲᠦᠷᠦᠭᠦᠯᠡᠨ ᠬᠢᠬᠦ ᠪᠠᠷ ᠳᠠᠮᠵᠢᠨ᠂ ᠡᠬᠢ ᠪᠠᠶᠠᠯᠢᠭ ᠢ ᠶᠡᠬᠡᠪᠡᠷ ᠨᠡᠶᠢᠳᠬᠡᠵᠦ᠂ ᠡᠩ ᠤᠨ ᠱᠠᠲᠤ ᠳᠠᠪᠬᠤᠷᠭ᠎ᠠ ᠶᠢᠨ ᠬᠦᠯᠢᠶᠡᠰᠦᠯᠡᠯ ᠢ ᠰᠢᠪᠲᠤᠯᠤᠨ᠂ ᠰᠢᠢᠳᠪᠦᠷᠢᠯᠡᠬᠦ ᠳᠤ ᠬᠦᠴᠢᠷ ᠲᠦᠪᠡᠭᠲᠡᠶ ᠠᠵᠢᠯ ᠤᠨ ᠨᠠᠷᠢᠨ ᠲᠡᠩᠰᠨ ᠶᠢ ᠰᠢᠢᠳᠪᠦᠷᠢᠯᠡᠬᠦ ᠳᠤ ᠰᠠᠯᠠᠭ᠎ᠠ ᠮᠥᠴᠢᠷ ᠤᠨ ᠬᠤᠭᠤᠷᠣᠨᠳᠣ ᠪᠠᠨ ᠬᠠᠷᠢᠯᠴᠠᠨ ᠲᠦᠯᠬᠢᠯᠴᠡᠬᠦ᠂ ᠤᠳᠠᠭᠠᠰᠢᠷᠠᠭᠤᠯᠤᠨ ᠰᠢᠶᠳᠪᠦᠷᠢᠯᠡᠬᠦ ᠴᠠᠭ ᠢ ᠶᠡᠬᠡᠪᠡᠷ ᠪᠠᠭᠠᠰᠬᠠᠵᠤ᠂ ᠰᠢᠢᠳᠪᠦᠷᠢᠯᠡᠬᠦ ᠦᠷ᠎ᠡ ᠪᠦᠲᠦᠮᠵᠢ ᠶᠢ ᠢᠯᠡᠳᠲᠡ ᠳᠡᠭᠡᠭᠰᠢᠯᠡᠭᠦᠯᠪᠠ᠃ ᠲᠣᠰ ᠠᠷᠭ᠎ᠠ ᠬᠡᠮᠵᠢᠶ᠎ᠡ ᠨᠢ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠶᠠᠰᠤ ᠴᠢᠨᠠᠷ ᠦᠷ᠎ᠡ ᠠᠰᠢᠭ ᠤᠨ ᠬᠤᠤᠰ ᠳᠡᠭᠡᠭᠰᠢᠯᠡᠯᠲᠡ ᠶᠢ ᠬᠦᠴᠦᠲᠡᠶ ᠠᠬᠢᠭᠤᠯᠵᠤ᠂ ᠰᠠᠯᠠᠭ᠎ᠠ ᠮᠥᠴᠢᠷ ᠤᠨ ᠥᠨᠳᠥᠷ ᠪᠦᠲᠦᠮᠵᠢᠲᠡᠶ ᠬᠤᠯᠪᠣᠭᠠᠯᠠᠨ ᠬᠥᠳᠡᠯᠦᠯᠴᠡᠭᠰᠡᠨ᠂ ᠠᠷᠠᠳ ᠤᠨ ᠠᠮᠢᠳᠤᠷᠠᠯ ᠤᠨ ᠬᠦᠰᠡᠯ ᠱᠠᠭᠠᠷᠳᠠᠯᠭ᠎ᠠ ᠳᠤ ᠲᠦᠷᠭᠡᠨ ᠬᠠᠷᠢᠭᠤ ᠲᠤᠰᠬᠠᠯ ᠭᠠᠷᠬᠤ ᠰᠢᠨ᠎ᠡ ᠵᠠᠮ ᠰᠤᠪᠠᠭ ᠢ ᠪᠠᠶᠢᠭᠤᠯᠵᠤ᠂ ᠮᠠᠨ ᠤ     ᠲᠤᠭᠤᠷᠢᠭ ᠤ ᠡᠶ᠎ᠡ ᠵᠣᠬᠢᠴᠠᠩᠭᠤᠶ᠂ ᠥᠨᠳᠥᠷ ᠦᠷ᠎ᠠ ᠪᠦᠲᠦᠮᠵᠢᠲᠡᠶ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠣᠷᠴᠢᠨ ᠲᠣᠭᠤᠷᠢᠨ ᠢ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠶ᠃ ︵ᠢᠷᠡᠯᠲᠡ᠄ ᠬᠥᠨᠳᠡᠯᠡᠨ ᠲᠣᠭᠤᠷᠢᠭ ᠤᠨ ᠬᠠᠯᠠᠮᠰᠢᠯ ᠤᠳᠠᠰᠦ ᠶᠢᠨ ᠲᠥᠪ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号